ᠬᠦᠨᠪᠤᠯᠠᠭ ᠰᠤᠮᠤ  ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ︾ ᠤᠨ ᠬᠠᠮᠢᠶᠠᠷᠤᠯᠲᠠ ᠶᠢᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/11/13
   ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠢ ᠤᠯᠠᠮ ᠰᠠᠶᠢᠨ ᠬᠢᠵᠦ᠂ ᠭᠠᠴᠠᠭᠠᠨ ᠤ ᠬᠠᠮᠲᠤ ᠶᠢᠨ ᠡᠷᠬᠡ ᠠᠰᠢᠭ ᠪᠠ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ  ᠲᠦᠷᠢᠮᠵᠢᠬᠦᠯᠬᠦ ᠶᠢᠨ ᠲᠤᠰᠠᠳᠠ᠂ 11 ᠰᠠᠷ᠎ᠠ ᠶᠢᠨ 9 ᠤ ᠡᠳᠦᠷ ᠬᠦᠨᠪᠤᠯᠠᠭ ᠰᠤᠮᠤ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ  ︾ ᠤᠨ ᠬᠠᠮᠢᠶᠠᠷᠤᠯᠲᠠ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠵᠢᠴᠢ 2023 ᠣᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠬᠤᠷᠠᠯ ᠢ ᠬᠤᠷᠠᠯᠳᠤᠭᠤᠯᠪᠠ᠃  ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠩ ᠮᠧᠶ ᠬᠤᠷᠠᠯ ᠢ ᠡᠷᠭᠢᠯᠡᠵᠦ᠂  ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ  ᠪᠠᠶᠠᠷ᠂  ᠭᠠᠴᠠᠭᠠᠨ ᠤ ᠡᠳ᠋ ᠤᠨ ᠶᠠᠪᠤᠳᠠᠯ ᠤᠨ ᠨᠢᠭᠡᠳᠦᠯᠲᠡᠢ ᠬᠠᠮᠢᠶᠠᠷᠤᠭᠴᠢ ᠪᠦᠷᠬᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠤᠷᠤᠯᠴᠠᠵᠠᠢ᠃  ᠪᠦᠷᠬᠦᠳ ᠠᠴᠠ ᠬᠤᠰᠢᠭᠤ ᠵᠠᠰᠠᠭ ᠤᠨ ᠣᠷᠳᠣᠨ ᠤ ︽ ᠭᠠᠴᠠᠭ᠎ᠠ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠴᠢᠩᠭᠠᠳᠬᠠᠬᠤ ᠲᠦᠷ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ  ︾ ᠤᠨ ᠬᠠᠮᠢᠶᠠᠷᠤᠯᠲᠠ ᠶᠢᠨ ᠠᠵᠢᠯ ᠤᠨ ᠠᠯᠬᠤᠮ ᠶᠠᠪᠤᠴᠠ᠂  ᠭᠠᠴᠠᠭᠠᠨ ᠤ ᠬᠠᠮᠲᠤ ᠶᠢᠨ ᠡᠳ᠋ ᠬᠦᠷᠦᠩᠭᠡ   ᠶᠢ ᠪᠦᠷᠢᠳᠭᠡᠨ ᠬᠠᠷᠭᠤᠭᠤᠯᠬᠤ  ᠠᠯᠬᠤᠮ ᠶᠠᠪᠤᠴᠠ᠂ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ  ︾ ᠤᠨ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠦᠬᠦᠢ ᠬᠠᠤᠯᠢ ᠲᠦᠷᠢᠮ  ᠪᠠ ᠲᠦᠷᠦ ᠶᠢᠨ ᠪᠤᠳᠤᠯᠭ᠎ᠠ᠂  ᠠᠩᠬᠠᠷᠬᠤ  ᠵᠦᠢᠯᠡᠰ ᠵᠡᠷᠭᠡ ᠳᠤ  ᠲᠠᠶᠢᠯᠤᠮᠵᠢ ᠬᠢᠭᠰᠡᠨ ᠪᠠᠶᠢᠨ᠎ᠠ᠃ ᠬᠤᠷᠠᠯ ᠠᠴᠠ᠂  ᠡᠯ᠎ᠡ ᠭᠠᠴᠠᠭ᠎ᠠ ᠨᠢ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭᠠᠨ ᠤ ᠴᠢᠬᠤᠯᠠ ᠠᠴᠢ ᠬᠤᠯᠪᠣᠭᠳᠠᠯ ᠢ ᠲᠠᠨᠢᠵᠤ᠂ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠠᠢᠮᠠᠨ ᠲᠥᠷᠥᠯ ᠤᠨ ᠵᠠᠩᠭᠢᠯᠠᠭ᠎ᠠ ᠶᠢᠨ ᠭᠤᠭᠴᠤᠭ᠎ᠠ ᠳᠤ ᠭᠤᠣᠯᠳᠠᠯᠭ᠎ᠠ ᠲᠠᠢ ᠠᠩᠬᠠᠷᠤᠯ ᠲᠥᠪᠯᠡᠷᠡᠭᠦᠯᠦᠨ ᠪᠠᠶᠢᠴᠠᠭᠠᠨ ᠴᠡᠭᠴᠡᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ  ︾   ᠤᠨ ᠪᠦᠷᠢᠳᠬᠡᠨ ᠬᠠᠷᠭᠤᠭᠤᠯᠵᠤ ᠠᠵᠢᠯ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃  ᠡᠨᠡ ᠤᠳᠠᠭᠠᠨ ᠤ  ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠪᠠ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠠᠯᠬᠤᠮ  ᠬᠤᠪᠢᠶᠠᠨ ᠴᠢᠨᠠᠷ ᠰᠠᠶᠢᠲᠠᠢ ᠪᠡᠶᠡᠯᠡᠭᠦᠯᠵᠦ᠂ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ  ᠲᠦᠷᠢᠮᠵᠢᠯ ᠢ ᠦᠨᠡᠨᠬᠦ ᠬᠦᠨᠵᠡᠬᠡᠶᠢᠷᠡᠬᠦᠯᠦᠨ ᠬᠦᠭᠵᠢᠬᠦᠯᠬᠦ ᠭᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号