11 ᠰᠠᠷ᠎ᠠ ᠶᠢᠨ 10 ᠤ ᠡᠳᠦᠷ᠂ ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠨᠢ 2023 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠳᠤ ᠶᠢᠨ | ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠬᠢᠯᠡᠨ᠂ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ ᠬᠤᠷᠠᠯ ᠳᠡᠭᠡᠷ᠎ᠡ ᠤᠳᠤᠷᠢᠳᠬᠤ ᠪᠠᠭ ᠤᠨ ᠭᠡᠰᠢᠬᠦᠳ ᠠᠴᠠ ᠲᠤᠰᠪᠤᠷᠢ ︽ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠤᠪᠴᠢᠶᠠᠨ ᠤ ᠶᠢᠰᠦᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠲᠡᠭᠡᠷᠡᠬᠢ ᠴᠢᠬᠤᠯᠠ ᠶᠠᠷᠢᠶ᠎ᠠ᠂ ᠭᠤᠣᠯ | ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠳᠡᠭᠡᠷᠡᠬᠢ ᠯᠢ ᠭᠠᠨ ᠵᠢᠶᠧ ᠰᠠᠶᠢᠳ ᠤᠨ ᠶᠠᠷᠢᠶ᠎ᠠ᠂ ᠰᠦᠨ | ᠱᠤᠤ ᠴᠧᠩ ᠱᠦᠵᠢ ᠶᠢᠨ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶ᠎ᠠ᠂ | ᠰᠤᠶᠤᠯ ᠤᠨ ᠤᠯᠠᠮᠵᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠠᠭᠠᠭᠤᠯᠤᠨ ᠰᠤᠷᠤᠯᠴᠠᠪᠠ᠃ ᠬᠤᠷᠠᠯ ᠠᠴᠠ᠂ ᠭᠤᠣᠯ ᠰᠡᠳᠦᠪᠲᠦ ᠬᠥᠮᠦᠵᠢᠯ ᠤᠨ ᠠᠵᠢᠯ ᠤᠨ | ᠱᠠᠭᠠᠷᠳᠠᠯᠭ᠎ᠠ ᠲᠠᠢ ᠤᠶᠠᠯᠳᠤᠭᠤᠯᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ | ᠴᠢᠨᠠᠷ ᠢ ᠰᠠᠶᠢᠵᠢᠷᠠᠭᠤᠯᠤᠨ᠂ ᠠᠵᠢᠯ ᠤᠨ ᠥᠷᠨᠢᠯᠲᠡ ᠶᠢ ᠪᠦᠲᠦᠮᠵᠢᠲᠡᠢ ᠳᠠᠶᠢᠴᠢᠯᠠᠬᠤ ᠬᠡᠷᠡᠭᠲᠡᠢ᠃ ᠨᠢᠭᠡ ᠳᠤ | ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠷᠤᠯᠴᠠᠯᠭ᠎ᠠ ᠶᠢ | ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠨ᠎ᠠ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ | ᠭᠡᠰᠢᠭᠦᠨ ᠺᠠᠳ᠋ᠷᠴᠤᠳ ᠤᠨ ᠦᠨᠡᠨᠬᠦ ᠰᠤᠷᠤᠯᠴᠠᠵᠤ ᠦᠨᠡᠨᠬᠦ ᠣᠶᠢᠯᠠᠭᠠᠬᠤ᠂ ᠦᠨᠡᠨᠬᠦ ᠢᠲᠡᠭᠡᠵᠦ ᠦᠨᠡᠨᠬᠦ ᠬᠡᠷᠡᠭᠯᠡᠬᠦ ᠳᠤ | ᠲᠠᠭᠤᠷᠢᠶᠠᠯ ᠪᠠ ᠲᠠᠶᠢᠴᠢᠯᠠᠭ᠎ᠠ ᠪᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠤᠶᠠᠷ ᠲᠤ | ᠰᠤᠷᠤᠯᠴᠠᠬᠤ ᠬᠡᠯᠪᠡᠷᠢ ᠪᠠᠨ ᠥᠷᠭᠡᠳᠬᠡᠵᠦ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠦᠴᠦ ᠲᠠᠯᠪᠢᠨ᠎ᠠ᠃ | ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠠᠵᠢᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠰᠤᠷᠤᠯᠴᠠᠬᠤ | ᠠᠷᠭ᠎ᠠ ᠪᠠᠨ ᠰᠠᠶᠢᠵᠢᠷᠠᠭᠤᠯᠵᠤ᠂ ᠰᠤᠷᠤᠯᠴᠠᠬᠤ ᠬᠡᠯᠪᠡᠷᠢ ᠪᠠᠨ ᠰᠢᠨᠡᠴᠢᠯᠡᠨ᠂ ᠪᠥᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠬᠤ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠨ᠂ ᠪᠠᠷᠢᠮᠲᠠᠯᠠᠨ ᠬᠡᠷᠡᠭᠵᠢᠭᠦᠯᠬᠦ | ᠶᠢᠨ ᠳᠤᠮᠳᠠ ᠣᠨᠣᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ | ᠂ ᠬᠢᠷᠢ ᠴᠢᠳᠠᠪᠤᠷᠢ ᠪᠠᠨ ᠨᠡᠮᠡᠭᠳᠡᠬᠦᠯᠵᠦ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠰᠤᠷᠬᠤ ᠪᠠ ᠬᠡᠷᠡᠭᠯᠡᠬᠦ ᠶᠢ ᠤᠶᠠᠯᠳᠤᠭᠤᠯᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠳᠡᠭᠡᠷ᠎ᠡ ᠬᠦᠴᠦ ᠲᠠᠯᠪᠢᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ | ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠤᠨᠤᠯ ᠤᠨ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠦᠬᠦ ᠪᠠᠯᠭᠠᠰᠤᠨ ᠤ ᠬᠥᠭᠵᠢᠯᠲᠡ ᠶᠢ ᠠᠬᠢᠭᠤᠯᠬᠤ ᠪᠠ ᠠᠷᠠᠳ ᠤᠨ | ᠠᠮᠢᠳᠤᠷᠠᠯ ᠢ ᠪᠠᠲᠤᠯᠠᠬᠤ ᠦᠨᠡᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠪᠤᠰᠤᠳ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ |