ᠲᠠᠶᠢᠹᠤᠰᠧ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ
ᠨᠡᠶᠢᠲᠡᠯᠡᠭᠰᠡᠨ ᠴᠠᠭ᠄
2023/11/15
   ᠨᠢᠭᠡ᠂  ᠲᠦᠰᠦᠪ ᠢ ᠲᠤᠭᠳᠠᠭᠠᠭᠰᠠᠨ ᠤ ᠵᠣᠷᠢᠯᠭ᠎ᠠ    ᠰᠠᠴᠤᠷᠠᠭ ᠤᠨ ᠠᠳᠡᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠠᠷᠭᠠᠴᠠᠵᠤ᠂  ᠨᠡᠶᠢᠬᠡᠮ ᠨᠡᠶᠢᠲᠡ ᠪᠠ ᠠᠵᠢᠯ ᠡᠷᠬᠢᠯᠡᠭᠰᠡᠳ ᠤᠨ ᠠᠮᠤᠷ ᠲᠦᠪᠰᠢᠨ ᠬᠢᠭᠡᠳ ᠡᠷᠡᠭᠦᠯ ᠮᠡᠨᠳᠦ ᠶᠢ ᠪᠠᠳᠤᠯᠠᠨ᠂ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠵᠤ᠂  ᠰᠠᠴᠤᠷᠠᠭ ᠤᠨ ᠠᠳᠡᠯ ᠭᠠᠷᠬᠤ ᠦᠶ᠎ᠡ ᠳᠤ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠤᠭᠳᠠᠭᠠᠨ᠂  ᠴᠢᠬᠤᠯᠠ ᠪᠦᠬᠦᠢ ᠵᠦᠢ ᠵᠣᠬᠢᠰᠲᠠᠢ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠦᠷᠨᠢᠬᠦᠯᠬᠦ ᠶᠢᠨ ᠲᠦᠯᠦᠭᠡ᠂  ᠲᠣᠰ ᠪᠡᠯᠡᠳᠬᠡᠯ ᠲᠦᠰᠦᠪ ᠢ ᠤᠨᠴᠠᠭᠠᠶᠢᠯᠠᠨ ᠲᠣᠭᠲᠠᠭᠠᠪᠠ᠃     ᠬᠤᠶᠠᠷ᠂ ᠲᠦᠰᠦᠪ ᠢ ᠨᠡᠶᠢᠲᠡᠯᠡᠭᠰᠡᠨ ᠠᠬᠤᠢ ᠪᠠᠶᠢᠳᠠᠯ ᠪᠠ ᠦᠨᠳᠦᠰᠦᠯᠡᠯ   ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠮ᠎ᠡ ᠶᠢᠨ ᠠᠶᠤᠯᠭᠦᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ   ᠶᠢᠨ ᠬᠡᠷᠡᠭ   ᠢ ᠠᠷᠭᠠᠴᠠᠬᠤ ᠬᠠᠤᠯᠢ︾ ︽ᠰᠠᠴᠤᠷᠠᠭ ᠴᠢᠨᠠᠷᠳᠠᠢ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ   ᠶᠢᠨ ᠳᠦᠷᠢᠮ︾ ︽ᠰᠠᠴᠤᠷᠠᠭ ᠴᠢᠨᠠᠷᠲᠠᠢ ᠡᠳ᠋ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ   ᠶᠢᠨ ᠳᠦᠷᠢᠮ︾ ︽ᠢᠶᠤᠨᠵᠢᠭᠰᠠᠨ ᠰᠠᠴᠤᠷᠠᠭ ᠠᠴᠠ  ᠰᠡᠷᠭᠡᠶᠢᠯᠡᠬᠦ ᠪᠠ ᠰᠠᠴᠤᠷᠠᠭ ᠤᠨ ᠰᠤᠷᠪᠤᠯᠵᠢ ᠶᠢᠨ ᠠᠮᠤᠷ ᠲᠦᠪᠰᠢᠨ ᠤ ᠦᠨᠳᠦᠰᠦᠨ ᠪᠠᠷᠢᠮᠵᠢᠶ᠎ᠠ︾ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ   ᠶᠢᠨ ᠬᠡᠷᠡᠭ ᠤᠨ ᠪᠠᠴᠢᠮ ᠪᠠᠶᠢᠳᠠᠯ   ᠢ ᠠᠷᠭᠠᠴᠠᠬᠤ ᠶᠡᠷᠦᠩᠬᠡᠢ ᠲᠦᠰᠦᠪ︾ ︽ᠤᠯᠤᠰ ᠤᠨ ᠣᠷᠴᠢᠨ ᠲᠤᠭᠤᠷᠢᠨ ᠤ ᠭᠡᠨᠡᠳᠲᠡ   ᠶᠢᠨ ᠬᠡᠷᠡᠭ ᠤᠨ ᠪᠠᠴᠢᠮ ᠪᠠᠶᠢᠳᠠᠯ   ᠢ ᠠᠷᠭᠠᠴᠠᠬᠤ ᠲᠦᠰᠦᠪ︾ ︽ᠠᠮᠢ ᠠᠬᠤᠢ ᠣᠷᠴᠢᠨ ᠲᠤᠭᠤᠷᠢᠨ ᠤ ᠶᠠᠮᠤᠨ ︵ᠤᠯᠤᠰ ᠤᠨ ᠴᠥᠮ᠎ᠡ   ᠶᠢᠨ ᠠᠶᠤᠯᠭᠦᠢ   ᠶᠢᠨ ᠲᠣᠪᠴᠢᠶ᠎ᠠ︶ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ   ᠢ ᠠᠷᠭᠠᠴᠠᠬᠤ ᠲᠦᠰᠦᠪ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠬᠤ ᠲᠦᠰᠦᠪ︾  ︽2022 ᠭᠡᠪᠯᠡᠯ︶  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠠᠳᠡᠯ  ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ︾ ︽ᠰᠢᠯᠢ   ᠶᠢᠨ ᠭᠤᠣᠯ ᠠᠶᠢᠮᠠᠭ ᠤᠨ ᠣᠷᠴᠢᠨ ᠲᠤᠭᠤᠷᠢᠨ ᠤ ᠭᠡᠨᠡᠳᠲᠡ   ᠶᠢᠨ ᠬᠡᠷᠡᠭ ᠤᠨ ᠪᠠᠴᠢᠮ ᠪᠠᠶᠢᠳᠠᠯ   ᠢ ᠠᠷᠭᠠᠴᠠᠬᠤ ᠲᠦᠰᠦᠪ︾  ︵2023 ᠭᠡᠪᠯᠡᠯ︶᠂ ︽ᠰᠢᠯᠢ ᠶᠢᠨ ᠭᠤᠣᠯ ᠠᠶᠢᠮᠠᠭ ᠤᠨ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ  ᠲᠦᠰᠦᠪ︾᠂ ︽ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠮᠡᠷᠭᠡᠵᠢᠯ ᠤᠨ ᠲᠦᠷᠢᠮᠵᠢᠯ︾ HJ61 ︱ 2021᠂ ︽ ᠲᠠᠶᠢᠹᠤᠰᠧ ᠬᠤᠰᠢᠭᠤᠨ ᠤ ᠣᠷᠴᠢᠨ ᠲᠣᠭᠤᠷᠢᠨ ᠤ  ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ  ︾᠂ ︽ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠬᠠᠤᠯᠢ ᠲᠦᠷᠢᠮ ᠪᠠ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠲᠦᠰᠦᠪ ᠢ ᠲᠣᠭᠲᠠᠭᠠᠪᠠ᠃       ᠭᠤᠷᠪᠠ᠂ ᠰᠠᠨᠠᠯ ᠢ ᠬᠦᠯᠢᠶᠡᠨ ᠠᠪᠤᠭᠰᠠᠨ ᠪᠠᠶᠢᠳᠠᠯ     ︽ᠲᠠᠶᠢᠹᠤᠰᠧ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ  ᠲᠦᠰᠦᠪ ︵ᠰᠠᠨᠠᠯ ᠬᠤᠷᠢᠶᠠᠬᠤ ᠨᠣᠣᠷᠠᠭ︶︾ ᠢ  ᠲᠤᠭᠤᠷᠪᠢᠭᠰᠠᠨ ᠤ ᠳᠠᠷᠠᠭ᠎ᠠ᠂ 2023 ᠣᠨ ᠤ 7 ᠰᠠᠷ᠎ᠠ ᠳᠤ ᠡᠯ᠎ᠡ ᠪᠠᠶᠢᠭᠤᠯᠭ᠎ᠠ ᠨᠢᠭᠡᠴᠡ  ᠪᠠ ᠲᠤᠰᠬᠠᠢ ᠮᠡᠷᠭᠡᠵᠢᠯᠲᠡᠨ ᠠᠴᠠ ᠵᠠᠰᠠᠪᠤᠷᠢ ᠣᠷᠣᠭᠤᠯᠬᠤ ᠰᠠᠨᠠᠯ ᠬᠤᠷᠢᠶᠠᠪᠠ᠃ ᠡᠭᠦᠨ ᠳᠤ  ᠂ ᠲᠠᠶᠢᠹᠤᠰᠧ ᠬᠤᠰᠢᠭᠤᠨ ᠤ ᠤᠬᠠᠭᠤᠯᠬᠤ ᠬᠡᠯᠲᠡᠰ ᠠᠴᠠ 3 ᠵᠤᠷᠪᠤᠰ ᠵᠠᠰᠠᠪᠤᠷᠢ ᠣᠷᠣᠭᠤᠯᠬᠤ ᠰᠠᠨᠠᠯ ᠲᠤᠷᠠᠳᠴᠤ  ᠂ ᠬᠤᠶᠠᠷ ᠲᠤᠰᠬᠠᠢ ᠮᠡᠷᠭᠡᠵᠢᠯᠲᠡᠨ ᠠᠴᠠ 23 ᠵᠤᠷᠪᠤᠰ ᠵᠠᠰᠠᠪᠤᠷᠢ ᠣᠷᠣᠭᠤᠯᠬᠤ ᠰᠠᠨᠠᠯ  ᠳᠤᠷᠠᠳᠤᠭᠰᠠᠨ ᠪᠠᠶᠢᠨ᠎ᠠ᠃       ᠳᠥᠷᠪᠡ᠂ ᠬᠡᠷᠡᠭᠯᠡᠬᠦ ᠬᠡᠪᠴᠢᠶ᠎ᠡ      ᠲᠣᠰ ᠲᠦᠰᠦᠪ   ᠢ ᠲᠠᠶᠢᠹᠤᠰᠧ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠲᠤᠳᠤᠷ᠎ᠠ ᠪᠤᠶᠤ ᠭᠠᠳᠠᠨ᠎ᠠ ᠡᠬᠦᠰᠴᠦ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠠᠮᠤᠷ ᠲᠦᠪᠰᠢᠨ ᠳᠤ ᠠᠶᠤᠯ  ᠤᠴᠠᠷᠠᠭᠤᠯᠬᠤ ᠪᠤᠯᠤᠮᠵᠢ  ᠲᠠᠢ ᠰᠠᠴᠤᠷᠠᠭ ᠤᠨ ᠠᠳᠡᠯ ᠳᠤ  ᠭᠡᠷᠡᠭᠯᠡᠨ᠎ᠡ᠂ ᠲᠣᠰ ᠲᠦᠰᠦᠪ  ᠢᠶᠠᠷ ᠯᠠᠪᠯᠠᠯᠲᠠ ᠪᠣᠯᠭᠠᠵᠤ᠂ ᠪᠦᠬᠦ ᠬᠤᠰᠢᠭᠤᠨ ᠤ  ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠪᠠ ᠪᠤᠰᠤᠳ ᠠᠵᠢᠯ ᠢ ᠰᠠᠶᠢᠲᠤᠷ ᠬᠢᠨ᠎ᠡ᠃  ᠰᠠᠴᠤᠷᠠᠭ ᠤᠨ ᠡ᠊ᠨᠳᠡᠯ ᠳᠤ ᠭᠤᠣᠯᠳᠠᠭᠤ ᠲᠤᠤᠷᠠᠬᠢ ᠬᠡᠳᠦᠨ ᠲᠦᠷᠦᠯ ᠪᠠᠭᠳᠠᠨ᠎ᠠ᠄    ︵1︶ ᠴᠥᠮ᠎ᠡ ᠶᠢᠨ ᠮᠡᠷᠭᠡᠵᠢᠯ ᠢ ᠠᠰᠢᠭᠯᠠᠬᠤ ᠶᠠᠪᠤᠴᠠ ᠳᠤ ᠡᠭᠦᠰᠦᠭᠰᠡᠨ ᠰᠠᠴᠤᠷᠠᠭ ᠤᠨ ᠡ᠊ᠨᠳᠡᠯ᠃    ︵2︶ ᠰᠠᠴᠤᠷᠠᠭ ᠴᠢᠨᠠᠷᠲᠠᠢ ᠪᠣᠳᠠᠰ ᠢ ᠲᠡᠭᠡᠭᠡᠪᠦᠷᠢᠯᠡᠬᠦ ᠶᠠᠪᠤᠴᠠ ᠳᠤ ᠭᠠᠷᠤᠭᠰᠠᠨ ᠡ᠊ᠨᠳᠡᠯ᠃    ︵3︶ ᠰᠠᠨᠰᠠᠷ ᠤᠨ ᠨᠢᠰᠦᠭᠦᠷ ᠤᠨᠠᠵᠤ ᠢᠷᠡᠭᠡᠳ ᠣᠷᠴᠢᠨ ᠲᠤᠭᠤᠷᠢᠨ ᠢ  ᠪᠣᠬᠢᠷᠲᠤᠭᠤᠯᠤᠭᠰᠠᠨ ᠰᠠᠴᠤᠷᠠᠭ ᠤᠨ ᠡ᠊ᠨᠳᠡᠯ᠃    ︵4︶ ᠡᠯ᠎ᠡ ᠵᠦᠢᠯ ᠤᠨ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠡᠭᠦᠰᠦᠮᠡᠯ ᠴᠢᠨᠠᠷᠳᠠᠢ ᠰᠠᠴᠤᠷᠠᠭ ᠤᠨ ᠡ᠊ᠨᠳᠡᠯ᠃   ︵5︶ ᠮᠠᠨ ᠤ ᠬᠤᠰᠢᠭᠤᠨ ᠤ ᠣᠷᠴᠢᠨ ᠲᠣᠭᠤᠷᠢᠨ ᠳᠤ ᠰᠠᠴᠤᠷᠠᠭ ᠤᠨ ᠨᠥᠯᠥᠭᠡ ᠤᠴᠠᠷᠠᠭᠤᠯᠵᠤ ᠮᠡᠳᠡᠬᠦ ᠬᠢᠯᠢ ᠶᠢᠨ ᠭᠠᠳᠠᠨᠠᠬᠢ ᠪᠠ ᠬᠤᠰᠢᠭᠤᠨ ᠤ ᠭᠠᠳᠠᠨᠠᠬᠢ ᠴᠥᠮ᠎ᠡ ᠶᠢᠨ ᠲᠤᠷᠰᠢᠯᠲᠠ᠂ ᠴᠥᠮ᠎ᠡ ᠶᠢᠨ ᠠᠳᠡᠯ ᠵᠢᠴᠢ ᠰᠠᠴᠤᠷᠠᠭ ᠤᠨ ᠠᠳᠡᠯ᠃    ᠲᠠᠪᠤ᠂ ᠭᠤᠣᠯ ᠠᠭᠤᠯᠭ᠎ᠠ    ᠲᠦᠰᠦᠪ ᠤᠨ ᠭᠤᠤᠯ ᠠᠭᠤᠯᠭ᠎ᠠ ᠳᠤ ᠶᠡᠷᠦᠩᠬᠡᠢ ᠳᠦᠷᠢᠮ᠂ ᠰᠠᠴᠤᠷᠠᠭ ᠤᠨ ᠠᠳᠡᠯ ᠢ ᠲᠠᠰ ᠬᠤᠪᠢᠶᠠᠬᠤ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠬᠦᠷᠭᠡᠬᠦ᠂ ᠪᠠᠴᠢᠮ ᠪᠠᠶᠢᠳᠠᠯ ᠢ ᠠᠷᠭᠠᠴᠠᠬᠤ  ᠠᠵᠢᠯ ᠢ ᠴᠤᠤᠷᠢᠶᠠᠳᠤᠨ ᠲᠠᠭᠠᠬᠤ᠂  ᠪᠠᠴᠢᠮ ᠪᠠᠶᠢᠳᠠᠯ ᠢ ᠠᠷᠭᠠᠴᠠᠬᠤ ᠠᠵᠢᠯ ᠲᠠᠭᠤᠰᠬᠤ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠳᠤᠯᠠᠭᠠᠨ ᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠠᠲᠤᠯᠠᠬᠤ᠂ ᠳᠠᠭᠠᠯᠳᠤᠭᠤᠯᠤᠭᠰᠠᠨ ᠳᠦᠷᠢᠮ ᠵᠡᠷᠭᠡ ᠪᠠᠭᠲᠠᠨ᠎ᠠ᠃   1᠂ ᠶᠡᠷᠦᠩᠬᠡᠢ ᠳᠦᠷᠢᠮ᠄  ᠲᠦᠰᠦᠪ ᠢ ᠲᠤᠭᠳᠠᠭᠠᠭᠰᠠᠨ ᠤ ᠵᠣᠷᠢᠯᠭ᠎ᠠ᠂ ᠦᠨᠳᠦᠰᠦᠯᠡᠯ᠂ ᠠᠵᠢᠯ ᠤᠨ ᠵᠠᠷᠴᠢᠮ᠂ ᠬᠡᠷᠡᠭᠯᠡᠬᠦ ᠬᠡᠪᠴᠢᠶ᠎ᠡ ᠵᠡᠷᠭᠡ ᠠᠭᠤᠯᠭ᠎ᠠ ᠶᠢ ᠪᠠᠭᠲᠠᠭᠠᠨ᠎ᠠ᠃   2᠂ ᠰᠠᠴᠤᠷᠠᠭ ᠤᠨ ᠡ᠊ᠨᠳᠡᠯ ᠢ ᠲᠡᠰ ᠬᠤᠪᠢᠶᠠᠬᠤ  ᠄ ᠰᠠᠴᠤᠷᠠᠭ ᠤᠨ ᠡ᠊ᠨᠳᠡᠯ ᠢ ᠲᠡᠰ ᠬᠤᠪᠢᠶᠠᠬᠤ᠂ ᠲᠡᠰ ᠬᠤᠪᠢᠶᠠᠵᠤ ᠠᠷᠭᠠᠴᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃   3. ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ᠄ ᠪᠠᠴᠢᠮ ᠪᠠᠶᠢᠳᠠᠯ   ᠢ ᠠᠷᠭᠠᠴᠠᠬᠤ ᠵᠣᠬᠢᠶᠠᠨ ᠪᠠᠶᠢᠭᠤᠯᠤᠯᠲᠠ   ᠶᠢᠨ ᠰᠢᠰᠲ᠋ᠧᠮ ᠤᠨ ᠪᠦᠲᠦᠴᠡ᠂ ᠭᠡᠰᠢᠬᠦᠨ ᠨᠢᠭᠡᠴᠡ ᠵᠢᠴᠢ  ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃   4. ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠬᠦᠷᠭᠡᠬᠦ᠄ ᠡᠭᠦᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠡᠷᠡᠮᠵᠢᠯᠡᠬᠦᠯᠦᠯ ᠤᠨ ᠳᠡᠰ ᠬᠤᠪᠢᠶᠠᠬᠤ᠂ ᠮᠡᠳᠡᠭᠡ ᠵᠠᠩᠭᠢ ᠬᠦᠷᠭᠡᠬᠦ᠂ ᠮᠡᠳᠡᠭᠡ ᠵᠠᠩᠭᠢ ᠨᠡᠶᠢᠳᠡᠯᠡᠬᠦ ᠵᠡᠷᠭᠡ ᠠᠭᠤᠯᠭ᠎ᠠ ᠪᠠᠭᠲᠠᠨ᠎ᠠ᠃   5. ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠤᠤᠷᠢᠶᠠᠳᠤᠨ ᠳᠠᠭᠠᠬᠤ᠄  ᠲᠦᠷᠦᠬᠦᠴᠢ ᠬᠤᠭᠤᠴᠠᠭᠠᠨ ᠤ ᠰᠢᠢᠳᠪᠦᠷᠢᠯᠡᠬᠦ ᠠᠵᠢᠯ᠂ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠠᠵᠢᠯ᠂ ᠪᠠᠴᠢᠮ ᠪᠠᠶᠢᠳᠠᠯ ᠢ ᠠᠷᠭᠠᠴᠠᠵᠤ ᠬᠢᠨᠠᠨ ᠬᠡᠮᠵᠢᠬᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ᠂ ᠭᠠᠳᠠᠨ᠎ᠠ ᠶᠢᠨ ᠲᠤᠰᠠᠯᠠᠮᠵᠢ᠂ ᠠᠮᠤᠷ ᠲᠦᠪᠰᠢᠨ ᠤ ᠰᠡᠷᠭᠡᠶᠢᠯᠡᠯᠲᠡ᠂ ᠮᠡᠳᠡᠭᠡ ᠵᠠᠩᠭᠢ ᠶᠢᠨ ᠨᠡᠶᠢᠳᠡᠯᠡᠯ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃   6. ᠪᠠᠴᠢᠮ ᠪᠠᠶᠢᠳᠠᠯ   ᠢ ᠠᠷᠭᠠᠴᠠᠬᠤ ᠠᠵᠢᠯ ᠲᠠᠭᠤᠰᠬᠤ᠄   ᠲᠠᠭᠤᠰᠬᠠᠬᠤ ᠨᠥᠬᠦᠴᠡᠯ ᠵᠢᠴᠢ ᠳᠠᠭᠤᠰᠬᠠᠬᠤ  ᠶᠠᠪᠤᠴᠠ ᠶᠢ ᠲᠤᠳᠤᠷᠬᠠᠶᠢᠯᠠᠨ᠎ᠠ᠃   7. ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ ᠠᠵᠢᠯ᠄ ᠲᠦᠪᠬᠢᠨᠡᠬᠦᠯᠦᠨ ᠰᠢᠢᠳᠪᠦᠷᠢᠯᠡᠬᠦ᠂ ᠪᠠᠶᠢᠴᠠᠭᠠᠨ ᠦᠨᠡᠯᠡᠬᠦ᠂  ᠳ᠋ᠦᠩᠨᠡᠨ ᠮᠡᠳᠡᠬᠦᠯᠬᠦ ᠵᠡᠷᠭᠡ ᠠᠭᠤᠯᠭ᠎ᠠ ᠶᠢ ᠪᠠᠭᠲᠠᠭᠠᠨ᠎ᠠ᠃   8. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠳᠤᠯᠠᠭᠠᠨ ᠤ ᠠᠷᠭ᠎ᠠ ᠬᠡᠮᠵᠢᠶ᠎ᠡ᠄ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠲᠤᠨᠤᠭ ᠲᠥᠬᠦᠭᠡᠷᠦᠮᠵᠢ ᠶᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ  ᠬᠤᠯᠪᠤᠭᠠᠨ  ᠤ ᠪᠠᠲᠤᠯᠠᠭ᠎ᠠ ᠵᠡᠷᠭᠡ ᠠᠭᠤᠯᠭ᠎ᠠ ᠪᠠᠭᠲᠠᠨ᠎ᠠ᠃     9. ᠪᠠᠴᠢᠮ ᠪᠠᠶᠢᠳᠠᠯ  ᠢ ᠠᠷᠭᠠᠴᠠᠬᠤ ᠴᠢᠳᠠᠪᠤᠷᠢ  ᠶᠢᠨ ᠪᠠᠳᠤᠯᠠᠭ᠎ᠠ᠄  ᠡᠭᠦᠨ ᠳᠤ ᠤᠬᠠᠭᠤᠯᠭ᠎ᠠ ᠬᠥᠮᠦᠵᠢᠯ᠂ ᠪᠣᠯᠪᠠᠰᠤᠷᠠᠯ ᠰᠣᠷᠢᠯᠲᠠ᠂  ᠵᠢᠵᠢᠬᠦᠷ ᠵᠢᠰᠢᠶ᠎ᠡ ᠵᠡᠷᠭᠡ ᠠᠭᠤᠯᠭ᠎ᠠ ᠪᠠᠭᠲᠠᠨ᠎ᠠ᠃    10. ᠳᠠᠭᠠᠯᠳᠤᠭᠤᠯᠤᠯ ᠲᠦᠷᠢᠮ᠄  ᠱᠠᠩᠨᠠᠵᠤ ᠵᠤᠷᠢᠬᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ᠂ ᠪᠡᠯᠡᠳᠬᠡᠯ ᠲᠦᠰᠦᠪ ᠢ ᠲᠠᠶᠢᠯᠪᠤᠷᠢᠯᠠᠬᠤ ᠪᠠ ᠬᠡᠷᠡᠭᠵᠢᠭᠦᠯᠬᠦ᠂ ᠨᠡᠷ᠎ᠡ ᠲᠤᠮᠢᠶᠠᠨ ᠤ ᠲᠠᠶᠢᠯᠪᠤᠷᠢ ᠵᠡᠷᠭᠡ ᠠᠭᠤᠯᠭ᠎ᠠ ᠪᠠᠭᠲᠠᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号