11 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤ 2023 ᠣᠨ ᠤ ᠪᠥᠬᠦ ᠬᠤᠰᠢᠭᠤᠨ ᠤ ︽ᠱᠠᠯᠢᠭ | ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠡᠰᠡᠭ ᠭᠡᠰᠢᠬᠦᠨ ᠨᠢᠭᠡᠴᠡ ᠶᠢᠨ ᠡᠨᠡ ᠵᠢᠯ ᠠᠴᠠ ᠨᠠᠰᠢᠬᠢ ︽ᠱᠠᠯᠢᠭ ᠵᠠᠪᠬᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠪᠠᠶᠢᠷᠢᠯᠠᠭᠤᠯᠪᠠ᠃ ᠬᠤᠷᠠᠯ ᠠᠴᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ | ᠲᠡᠭᠡᠭᠰᠢᠯᠡᠬᠦᠯᠦᠨ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠭᠤᠣᠯᠳᠠᠯᠭ᠎ᠠ ᠲᠠᠢ ᠠᠰᠠᠭᠤᠳᠠᠯ᠂ ᠬᠦᠴᠢᠷ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ︽ᠱᠠᠯᠢᠭ | ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠬᠦᠨᠵᠡᠬᠡᠶᠢᠷᠡᠬᠦᠯᠦᠨ | ᠠᠬᠢᠭᠤᠯᠬᠤ ᠬᠡᠷᠡᠭᠲᠡᠢ᠃ ︽ᠡᠬᠢ ᠰᠤᠷᠪᠤᠯᠵᠢ ᠶᠢ ᠴᠡᠪᠡᠷᠯᠡᠬᠦ︾᠂ ︽ᠲᠣᠣᠷ ᠰᠦᠯᠵᠢᠶ᠎ᠡ ᠶᠢ ᠴᠡᠪᠡᠷᠰᠢᠭᠦᠯᠬᠦ︾ | ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠪᠠ ᠲᠥᠪᠯᠡᠷᠡᠭᠦᠯᠦᠨ ᠴᠡᠭᠴᠡᠯᠡᠬᠦ ᠠᠵᠢᠯ ᠢ ᠦᠷᠨᠢᠬᠦᠯᠦᠨ᠂ ᠰᠣᠶᠣᠯ ᠤᠨ | ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠡᠷᠴᠢᠮ ᠪᠠᠨ ᠴᠢᠩᠭᠠᠷᠠᠭᠤᠯᠵᠤ᠂ ᠬᠠᠤᠯᠢ ᠪᠤᠰᠤ ᠬᠡᠪᠯᠡᠭᠳᠡᠬᠦᠨ ᠪᠠ ᠱᠠᠯᠢᠭ | ᠵᠠᠪᠬᠠᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠳᠠᠷᠤᠮᠠᠯᠯᠠᠬᠤ᠂ ᠦᠢᠯᠡᠳᠬᠦ᠂ ᠪᠣᠷᠣᠯᠠᠭᠤᠯᠬᠤ᠂ | ᠲᠠᠮᠵᠢᠭᠤᠯᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠂ ᠦᠨᠳᠦᠰᠦᠨ ᠱᠠᠲᠤᠨ ᠤ ᠥᠷᠲᠡᠭᠡ ᠴᠢᠭ᠋ ᠤᠨ | ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠤᠬᠠᠭᠤᠯᠵᠤ ᠵᠢᠯᠤᠭᠤᠳᠬᠤ ᠪᠠ ᠬᠤᠯᠪᠤᠭᠠᠯᠠᠨ ᠰᠡᠷᠭᠡᠶᠢᠯᠡᠵᠦ | ᠬᠠᠮᠳᠤᠷᠠᠨ ᠠᠵᠢᠯᠯᠠᠬᠤ ᠶᠢ ᠴᠢᠩᠭᠠᠳᠬᠠᠨ᠂ ᠰᠤᠷᠲᠠᠯ ᠴᠢᠬᠡᠴᠢ ᠣᠪᠣᠷ ᠲᠥᠪ ᠰᠣᠶᠣᠯ ᠤᠨ ᠣᠷᠴᠢᠨ ᠲᠣᠭᠤᠷᠢᠨ ᠢ | ᠪᠣᠶ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ | ᠨᠡᠮᠡᠷᠢ ᠦᠵᠡᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠡᠯ᠎ᠡ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ | ᠂ ᠰᠤᠮᠤ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠬᠤᠰᠢᠭᠤᠨ ᠤ ︽ᠱᠠᠯᠢᠭ ᠵᠠᠪᠬᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠪᠥᠬᠦ ᠭᠡᠰᠢᠭᠦᠳ ᠬᠤᠷᠠᠯ ᠳᠤ ᠣᠷᠣᠯᠴᠠᠵᠠᠢ᠃ |