ᠤᠰᠤ ᠪᠣᠯ ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ | ᠦᠨᠳᠦᠰᠦ ᠰᠠᠭᠤᠷᠢ ᠂ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠶᠢᠨ ᠬᠠᠮᠤᠭ ᠤᠨ ᠦᠨᠳᠦᠰᠦᠨ | ᠨᠥᠬᠦᠴᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠳᠤ ᠳᠤᠲᠠᠭᠳᠠᠵᠤ ᠪᠣᠯᠣᠰᠢ ᠦᠭᠡᠢ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠤᠯᠤᠨ᠎ᠠ᠃ ᠥᠷᠭᠡᠨ ᠤᠯᠠᠨ ᠠᠷᠠᠳ ᠢᠷᠭᠡᠳ ᠲᠤ ᠲᠠᠶᠢᠹᠤᠰᠧ | ᠬᠤᠰᠢᠭᠤᠨ ᠤ ᠤᠰᠤᠨ ᠤ ᠡᠬᠢ ᠪᠠᠶᠠᠯᠢᠭ ᠤᠨ ᠪᠠᠶᠢᠳᠠᠯ ᠢ ᠣᠶᠢᠯᠠᠭᠠᠭᠤᠯᠵᠤ᠂ ᠤᠰᠤ ᠠᠷᠪᠢᠯᠠᠬᠤ ᠤᠬᠠᠮᠰᠠᠷ ᠢ ᠨᠢ | ᠴᠢᠩᠭᠠᠳᠬᠠᠨ᠂ ᠵᠥᠪ ᠣᠨᠣᠪᠴᠢᠲᠠᠢ ᠤᠰᠤ ᠠᠷᠪᠢᠯᠠᠬᠤ ᠦᠵᠡᠯᠲᠡ ᠶᠢ ᠪᠤᠢ ᠪᠣᠯᠭᠠᠬᠤ ᠶᠢᠨ ᠲᠥᠯᠥᠭᠡ᠂ 11 | ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠢᠨ ᠬᠠᠮᠳᠤᠷᠠᠵᠤ᠂ ᠤᠰᠤ ᠠᠷᠪᠢᠯᠠᠬᠤ ᠤᠬᠠᠭᠤᠯᠭ᠎ᠠ ᠶᠢ | ᠨᠡᠶᠢᠭᠡᠮ ᠲᠣᠭᠤᠷᠢᠭ ᠲᠤ ᠤᠷᠤᠭᠤᠯᠬᠤ ᠠᠵᠢᠯᠯᠠᠭ᠎ᠠ ᠪᠠᠨ ᠡᠬᠢᠯᠡᠬᠦᠯᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ | ᠳᠡᠳ᠋ ᠬᠤᠰᠢᠭᠤ ᠳᠠᠷᠤᠭ᠎ᠠ ᠯᠢ ᠵᠠᠨ ᠪᠦᠦ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠤᠰᠤ ᠠᠷᠪᠢᠯᠠᠬᠤ | ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭᠠᠨ ᠤ ᠪᠣᠳᠠᠲᠠᠢ ᠠᠵᠢᠯ ᠤᠨ ᠪᠠᠶᠢᠷᠢᠯᠠᠭᠤᠯᠤᠯᠳᠠ ᠶᠢ | ᠨᠡᠶᠢᠲᠡᠯᠡᠵᠡᠢ᠃ ᠳᠠᠷᠠᠭ᠎ᠠ ᠨᠢ᠂ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠡᠯ᠎ᠡ ᠨᠡᠶᠢᠭᠡᠮ ᠲᠣᠭᠤᠷᠢᠭ ᠪᠠ | ᠰᠠᠭᠤᠭᠠᠯᠢ ᠲᠣᠭᠤᠷᠢᠭ ᠲᠤ ᠤᠰᠤ ᠠᠷᠪᠢᠯᠠᠬᠤ ᠤᠬᠠᠭᠤᠯᠭ᠎ᠠ ᠶᠢᠨ ᠫᠠᠶᠢᠰᠠ᠂ ᠤᠷᠢᠶᠠᠯᠠᠭ᠎ᠠ ᠶᠢᠨ ᠪᠢᠴᠢᠭ ᠂ ᠡᠯᠭᠦᠭᠡ | ᠪᠢᠴᠢᠭᠡᠰᠦ᠂ ᠤᠰᠤᠨ ᠴᠣᠮᠣ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠪᠠ ᠡᠳ᠋ ᠪᠤᠳᠠᠰ ᠢ ᠲᠦᠭᠡᠭᠡᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠰᠤ ᠠᠷᠪᠢᠯᠠᠬᠤ ᠤᠬᠠᠭᠤᠯᠭ᠎ᠠ ᠶᠢ ᠪᠠᠶᠢᠩᠭᠤ ᠦᠷᠨᠢᠬᠦᠯᠦᠨ᠂ ᠤᠰᠤ | ᠶᠢ ᠠᠷᠪᠢᠯᠠᠬᠤ᠂ ᠤᠰᠤ ᠶᠢ ᠬᠠᠮᠠᠭᠠᠯᠠᠬᠤ ᠤᠶᠢᠯᠠᠭᠠᠬᠳᠠᠬᠤᠨ ᠢ ᠤᠯᠠᠮᠵᠢᠯᠠᠵᠤ᠂ ᠬᠥᠮᠥᠨ ᠪᠦᠬᠦᠨ ᠤᠰᠤ | ᠠᠷᠪᠢᠯᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠂ ᠦᠵᠡᠰᠬᠦᠯᠡᠩᠲᠦ ᠰᠠᠶᠢᠬᠠᠨ | ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠷᠭᠡᠭ ᠴᠢᠩᠭ᠎ᠠ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ | ᠬᠠᠩᠭᠠᠬᠤ ᠪᠠᠷ ᠪᠠᠶᠢᠨ᠎ᠠ᠃ ᠪᠤᠤᠴᠠᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ᠂ ᠰᠠᠭᠤᠭᠠᠯᠢ ᠲᠣᠭᠤᠷᠢᠭ ᠤᠨ | ᠲᠥᠯᠥᠭᠡᠯᠡᠭᠴᠢ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ | ᠭᠡᠷ ᠤᠨ ᠺᠠᠳ᠋ᠷ ᠠᠵᠢᠯᠲᠠᠨ ᠨᠡᠶᠢᠳᠡ 70 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃ |