ᠲᠠᠶᠢᠹᠤᠰᠧ ᠬᠤᠰᠢᠭᠤ ᠳᠠᠷᠠᠭ᠎ᠠ ᠵᠢᠯ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠳᠡ ᠶᠢ ᠬᠢᠵᠦ 953 ᠡᠷᠦᠬᠡ ᠳᠤ ᠠᠰᠢᠭ ᠬᠦᠷᠳᠡᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2023/11/16
    ᠣᠶᠢᠷ᠎ᠠ ᠳᠤ ᠰᠤᠷᠪᠤᠯᠵᠢᠯᠠᠭᠴᠢ ᠲᠠᠶᠢᠹᠤᠰᠧ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠲᠤᠰ ᠬᠤᠰᠢᠭᠤ ᠨᠢ 1ᠬᠠᠭᠤᠴᠢᠨ ᠰᠠᠭᠤᠭᠠᠯᠢ ᠲᠣᠭᠤᠷᠢᠭ  ᠲᠤ ᠦᠬᠡᠷᠡᠴᠢᠯᠡᠯᠳᠡ ᠬᠢᠬᠦ ᠪᠠᠷ ᠲᠦᠯᠦᠪᠯᠡᠵᠦ᠂ ᠡᠨᠡ ᠨᠢ 953 ᠡᠷᠦᠬᠡ᠂ 26 ᠰᠠᠭᠤᠷᠢ ᠠᠰᠠᠷ᠂ 12.71 ᠲᠦᠮᠡᠨ ᠬᠠᠪᠳᠠᠭᠠᠢ ᠳᠥᠷᠪᠡᠯᠵᠢᠨ ᠮᠧᠲᠷ  ᠪᠠᠷᠢᠯᠭ᠎ᠠ ᠶᠢᠨ ᠲᠠᠯᠠᠪᠠᠢ ᠯᠤᠭ᠎ᠠ ᠬᠤᠯᠪᠤᠭᠳᠠᠨ᠂ 6337.83 ᠲᠦᠮᠡᠨ ᠲᠥᠭᠦᠷᠢᠭ ᠤᠨ ᠪᠡᠯᠡ ᠣᠷᠣᠭᠤᠯᠬᠤ ᠵᠢᠱᠢᠮ ᠲᠠᠢ ᠪᠠᠶᠢᠨ᠎ᠠ᠃  ᠦᠬᠡᠷᠡᠴᠢᠯᠡᠯᠳᠡ ᠶᠢᠨ ᠠᠵᠢᠯ ᠢ 2024 ᠣᠨ ᠤ 4 ᠰᠠᠷ᠎ᠠ ᠶᠢᠨ 15 ᠤ ᠡᠳᠦᠷ ᠠᠴᠠ ᠡᠬᠢᠯᠡᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠳᠠᠭᠤᠰᠬᠠᠬᠤ ᠪᠤᠶᠤ ᠦᠨᠳᠦᠰᠦᠨ ᠳᠡᠭᠡᠨ ᠳᠠᠭᠤᠰᠬᠠᠬᠤ ᠱᠠᠭᠠᠷᠳᠠᠯᠭ᠎ᠠ ᠶᠣᠰᠣᠭᠠᠷ᠂  ᠲᠤᠰ ᠬᠤᠰᠢᠭᠤ ᠨᠢ ᠪᠠᠷᠢᠯᠭ᠎ᠠ ᠶᠢᠨ ᠠᠵᠢᠯ ᠤᠨ ᠴᠠᠭ ᠬᠤᠭᠤᠴᠠᠭ᠎ᠠ ᠶᠢ ᠵᠣᠬᠢᠰᠲᠠᠢ ᠲᠣᠬᠢᠷᠠᠭᠤᠯᠵᠤ᠂  ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ  ᠂  ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠢᠨᠡᠳᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ  ᠪᠠᠳᠤᠯᠠᠬᠤ ᠪᠠᠷ ᠪᠠᠶᠢᠨ᠎ᠠ᠃ 2023 ᠤᠨ ᠳᠤ᠂  ᠲᠠᠶᠢᠹᠤᠰᠧ ᠬᠤᠰᠢᠭᠤ ᠨᠢ 4 ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠬᠢᠵᠦ᠂ 5760 ᠲᠦᠮᠡᠨ ᠲᠥᠭᠦᠷᠢᠭ ᠤᠨ ᠪᠡᠯᠡ ᠤᠷᠤᠭᠤᠯᠵᠤ᠂ 1069 ᠡᠷᠦᠬᠡ ᠰᠠᠭᠤᠭᠠᠯᠢ ᠠᠷᠠᠳ ᠲᠤ ᠠᠰᠢᠭ ᠬᠦᠷᠳᠡᠭᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号