︽ᠬᠠᠮ ᠨᠢᠳᠤᠷᠭ᠎ᠠ  ᠶᠢ ᠰᠠᠶᠢᠨ ᠰᠢᠭᠠᠵᠤ︾  ᠬᠤᠳᠠᠯᠠ ᠤᠯᠠᠨ ᠳᠤ ᠰᠠᠶᠢᠳᠤᠷ ᠦᠢᠯᠡᠴᠢᠯᠡᠨ᠎ᠡ
ᠨᠡᠶᠢᠲᠡᠯᠡᠭᠰᠡᠨ ᠴᠠᠭ᠄
2023/11/16
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂  ᠲᠠᠶᠢᠹᠤᠰᠧ ᠬᠤᠰᠢᠭᠤ   ᠨᠢ  ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠡᠭᠡᠷ᠎ᠡ ᠬᠦᠴᠦ ᠲᠠᠯᠪᠢᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮ ᠨᠢᠳᠤᠷᠭ᠎ᠠ︾ ᠶᠢ ᠰᠠᠶᠢᠨ ᠰᠢᠭᠠᠬᠤ ᠪᠠᠷ ᠲᠠᠮᠵᠢᠭᠠᠳ᠂ ᠭᠤᠣᠯ ᠰᠡᠳᠦᠪᠲᠦ ᠬᠥᠮᠦᠵᠢᠯ ᠪᠣᠯᠣᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ   ᠶᠢ ᠠᠭᠤᠰᠤᠯᠴᠠᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠰᠢᠨ᠎ᠡ ᠠᠮᠵᠢᠯᠳᠠ ᠶᠢ ᠦᠨᠡᠨᠬᠦ ᠬᠠᠷᠠᠭᠤᠯᠵᠤ ᠪᠠᠶᠢᠨ᠎ᠠ᠃      — — ︽12345︾ ᠤᠲᠠᠰᠤ ᠨᠢ ᠠᠷᠠᠳ ᠤᠨ ᠲᠠᠭᠤᠨ ᠢ ᠰᠣᠨᠣᠰᠴᠤ᠂ ᠠᠷᠠᠳ ᠤᠨ ᠪᠠᠶᠢᠳᠠᠯ ᠢ ᠤᠶᠢᠯᠠᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯ ᠬᠢᠨ᠎ᠡ᠃ ᠣᠶᠢᠷ᠎ᠠ ᠳᠤ᠂ ᠣᠯᠠᠨ ᠲᠦᠮᠡᠨ ︽12345︾ ᠠᠷᠠᠳ ᠲᠤ ᠲᠦᠬᠦᠮ ᠦᠵᠡᠬᠦᠯᠬᠦ ᠤᠲᠠᠰᠤ ᠨᠢ  ᠪᠤᠤᠴᠠᠩ ᠪᠠᠯᠭᠠᠰᠤᠨ ᠤ ᠲᠠᠢ ᠰᠢᠨ ᠶᠤᠸᠠᠨ ᠪᠠᠭᠤᠳᠠᠯ ᠤᠨ ᠡᠮᠦᠨᠡᠬᠢ  ᠪᠣᠬᠢᠷ ᠤᠰᠤᠨ ᠤ ᠬᠤᠭᠤᠯᠠᠢ ᠪᠥᠭᠯᠡᠷᠡᠵᠦ᠂ ᠪᠣᠬᠢᠷ ᠤᠰᠤᠨ ᠤ ᠨᠦᠬᠡ ᠨᠢ ᠲᠦᠬᠦᠷᠦᠭᠡᠳ᠂   ᠵᠠᠰᠠᠵᠤ ᠨᠡᠪᠳᠡᠷᠡᠬᠦᠯᠬᠦ ᠶᠢ ᠱᠠᠭᠠᠷᠳᠠᠭᠰᠠᠨ ᠪᠠᠶᠢᠨ᠎ᠠ᠃  ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ  ᠮᠡᠳᠡᠬᠦᠯᠦᠯᠳᠡ ᠶᠢ ᠲᠤᠰᠤᠮᠠᠭᠴᠠ ᠲᠠᠷᠤᠶᠢᠬᠠᠨ  ᠲᠤᠬᠠᠢ ᠶᠢᠨ ᠲᠠᠯᠠᠪᠤᠷ ᠲᠤ ᠬᠦᠷᠴᠦ ᠪᠠᠶᠢᠳᠠᠯ ᠢ ᠤᠶᠢᠯᠠᠭᠠᠨ᠂ ᠴᠠᠭ ᠲᠤᠬᠠᠢ ᠳᠤᠨᠢ ᠠᠵᠢᠯᠳᠠᠳ ᠢ ᠵᠣᠬᠢᠶᠠᠨ ᠪᠠᠶᠢᠭᠤᠯᠵᠤ  ᠂  ᠪᠤᠬᠢᠷ ᠤᠰᠤᠨ ᠤ ᠬᠤᠭᠤᠯᠠᠢ ᠶᠢ ᠴᠡᠪᠡᠷᠯᠡᠨ ᠨᠡᠪᠳᠡᠷᠡᠬᠦᠯᠦᠭᠰᠡᠨ ᠢᠶᠠᠷ ᠪᠠᠷᠠᠬᠤ ᠦᠬᠡᠢ᠂  ᠬᠤᠲᠠ ᠶᠢᠨ ᠲᠣᠭᠤᠷᠢᠭ ᠲᠠᠬᠢ ᠪᠤᠰᠤᠳ ᠤᠰᠤᠨ ᠬᠤᠭᠤᠯᠠᠢ ᠶᠢ ᠴᠤ  ᠨᠠᠷᠢᠨ ᠨᠢᠮᠪᠠᠢ ᠲᠣᠭᠤᠷᠢᠨ ᠪᠠᠶᠢᠴᠠᠭᠠᠵᠤ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠡᠢ᠃  ᠰᠡᠬᠦᠯᠡᠷ ᠨᠢ ︽12345︾  ᠤᠲᠠᠰᠤᠨ ᠤ ᠬᠢᠨ ᠬᠠᠷᠢᠭᠤ ᠰᠤᠷᠪᠤᠯᠵᠢᠯᠠᠬᠤ ᠳᠤ᠂   ᠤᠯᠠᠨ ᠲᠦᠮᠡᠨ ᠰᠢᠢᠳᠪᠦᠷᠢᠯᠡᠭᠰᠡᠨ ᠦᠷ᠎ᠡ ᠳ᠋ᠦᠩ ᠳᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠨᠢ ᠡᠶᠢᠨ ᠬᠦ᠋ ᠠᠷᠠᠳ ᠤᠯᠠᠨ ᠤ ᠰᠡᠳᠬᠢᠯ ᠵᠤᠪᠠᠵᠤ ᠰᠠᠨᠠᠭ᠎ᠠ ᠠᠯᠭᠠᠰᠠᠬᠤ ᠶᠠᠪᠤᠳᠠᠯ ᠢ ᠰᠢᠢᠳᠪᠦᠷᠢᠯᠡᠬᠦ ᠪᠠᠷ ᠭᠤᠤᠯ ᠪᠤᠯᠭᠠᠨ᠂  ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠤ᠂  ᠴᠠᠭ ᠲᠤᠬᠠᠢ ᠳᠤᠨᠢ ᠬᠠᠷᠢᠭᠤ ᠥᠭᠴᠦ᠂  ᠠᠷᠠᠳ ᠤᠯᠠᠨ ᠤ ᠠᠵᠠ ᠵᠢᠷᠭᠠᠯ ᠤᠨ ᠲᠥᠷᠥᠭᠳᠡᠯ᠂  ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨᠬᠦ  ᠲᠡᠭᠡᠭᠰᠢᠯᠡᠬᠦᠯᠵᠦ ᠪᠤᠢ᠃       — —  ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ  ᠬᠦᠶᠦᠯᠭᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠵᠦ ᠬᠥᠭᠵᠢᠯᠲᠡ ᠶᠢ ᠠᠬᠢᠭᠤᠯᠤᠨ᠎ᠠ᠃ ᠥᠪᠥᠷ ᠮᠣᠩᠭᠤᠯ ᠤᠨ ᠹᠦ᠋ ᠱᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠤᠯ ᠭᠤᠣᠯᠳᠠᠭᠤ ᠰᠢᠯ ᠰᠢᠷᠬᠡᠭ ᠦᠢᠯᠡᠳᠪᠦᠷᠢᠯᠡᠵᠦ ᠪᠤᠷᠤᠯᠠᠭᠤᠯᠳᠠᠭ ᠲᠠᠶᠢᠹᠤᠰᠧ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠨᠢᠭᠡ  ᠶᠤᠮ᠃  ᠲᠤᠰ ᠺᠤᠮᠫᠠᠨᠢ ᠶᠢᠨ ᠬᠢᠨ ᠲᠠᠶᠢᠹᠤᠰᠧ ᠬᠤᠰᠢᠭᠤᠨ ᠳᠤ 6 ᠡᠷᠦᠭᠡ ᠬᠤᠯᠪᠣᠭᠳᠠᠯ ᠪᠦᠬᠦᠢ ᠬᠢᠷᠢ ᠬᠡᠮᠳᠦ ᠺᠣᠮᠫᠠᠨᠢ ᠪᠠᠶᠢᠭᠤᠯᠬᠤ ᠴᠢᠬᠤᠯᠠᠲᠠᠢ ᠪᠣᠯᠪᠠᠴᠤ ᠬᠠᠤᠯᠢ ᠶᠢᠨ ᠡᠷᠭᠡᠳᠡᠨ ᠨᠢ ᠲᠤᠬᠠᠢ ᠶᠢᠨ ᠲᠠᠯᠠᠪᠤᠷ ᠲᠤ ᠢᠷᠡᠵᠦ ᠭᠦᠢᠴᠡᠳᠬᠡᠬᠦ ᠴᠢᠯᠦᠭᠡ ᠵᠠᠪ ᠦᠬᠡᠢ ᠪᠠᠶᠢᠵᠠᠢ᠃  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠴᠤᠩᠬᠤᠪᠴᠢ ᠶᠢᠨ ᠬᠢᠨ ᠡᠨᠡᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠵᠤ ᠠᠬᠤᠶᠢᠯᠠᠯ ᠳᠤ ︽ᠰᠠᠭᠠᠳ ᠦᠭᠡᠢ ᠨᠡᠪᠲᠡᠷᠡᠬᠦ ᠵᠠᠮ︾  ᠨᠡᠭᠡᠭᠡᠵᠦ᠂ 6 ᠡᠷᠦᠭᠡ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠢ 2 ᠴᠠᠭ ᠪᠣᠯᠣᠯ ᠦᠭᠡᠢ ᠪᠠᠷ ᠬᠦᠢᠴᠡᠳᠭᠡᠨ ᠦᠭᠴᠡᠢ ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠮᠠ ᠬᠠᠮᠬᠢᠯ ᠦᠬᠡᠢ ᠪᠠᠶᠠᠷᠯᠠᠵᠤ᠄ ︽ᠪᠡᠶ᠎ᠡ ᠪᠠᠷ ᠢᠶᠠᠨ ᠤᠴᠢᠵᠤ ᠲᠡᠶᠢᠯᠡᠦᠭᠰᠡᠨ ᠦᠭᠡᠢ ᠮᠦᠷᠳᠡᠭᠡᠨ ᠬᠠᠭᠠᠰ ᠡᠳᠦᠷ ᠴᠦ ᠭᠡᠷᠡᠭᠰᠡᠭᠰᠡᠨ ᠦᠭᠡᠢ ᠪᠠᠷ  ᠪᠦᠬᠦᠶᠢᠯᠡ ᠠᠵᠢᠯ ᠢ ᠬᠦᠢᠴᠡᠳᠭᠡᠵᠡᠢ᠂  ᠡᠨᠡ ᠤᠳᠠᠭᠠᠨ ᠤ ᠦᠨᠡᠮᠯᠡᠯ ᠠᠪᠤᠭᠰᠠᠨ ᠥᠩᠭᠡᠷᠡᠯᠲᠡ ᠨᠢ ᠨᠠᠳᠠ ᠳᠤ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ  ᠦᠵᠡᠬᠦᠯᠳᠡᠭ ᠠᠵᠢᠯ ᠤᠨ ᠥᠨᠳᠥᠷ  ᠪᠦᠳᠦᠮᠵᠢ  ᠶᠢ ᠦᠨᠡᠨ ᠬᠦ  ᠮᠡᠳᠡᠷᠡᠬᠦᠯᠦᠯ᠎ᠡ᠂  ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾  ᠬᠡᠯ᠎ᠡ᠃  ᠲᠠᠶᠢᠹᠤᠰᠧ ᠬᠤᠰᠢᠭᠤ ᠨᠢ ᠡᠶᠢᠨ ᠬᠦ᠋ ᠠᠵᠤ ᠠᠬᠤᠶᠢᠯᠠᠯ ᠳᠤ ᠲᠦᠬᠦᠮ ᠦᠵᠡᠬᠦᠯᠵᠦ ᠠᠰᠢᠭ ᠬᠦᠷᠳᠡᠭᠡᠬᠦ ᠡᠬᠦᠳᠡᠨ ᠠᠴᠠ᠂ ᠠᠵᠤ ᠠᠬᠤᠶᠢᠯᠠᠯ ᠤᠨ ᠬᠦᠴᠢᠷᠳᠡᠯ ᠢ ᠤᠶᠢᠯᠠᠭᠠᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠰᠲ᠋ᠧᠮᠵᠢ ᠶᠢ ᠪᠦᠷᠢᠨᠰᠢᠭᠦᠯᠵᠦ᠂  ᠬᠦᠢᠴᠡᠳᠭᠡᠬᠦ ᠶᠠᠪᠤᠴᠠ ᠶᠢ ᠳᠥᠭᠦᠮᠴᠢᠯᠡᠨ᠂ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠵᠦ᠂  ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠨ᠂  ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ ᠠᠴᠠ ᠤᠯᠠᠮ ᠰᠢᠯᠢᠳᠡᠭᠵᠢᠬᠦᠯᠵᠦ ᠪᠤᠢ᠃      — — ︽ ᠬᠦᠴᠢᠷ ᠶᠠᠪᠤᠳᠠᠯ ᠢ ᠰᠢᠢᠳᠪᠦᠷᠢᠯᠡᠬᠦ ︾  ᠴᠣᠩᠬᠤᠪᠴᠢ ᠭᠠᠷᠭᠠᠵᠤ᠂ ᠤᠯᠠᠨ ᠲᠦᠮᠡᠨ ᠢ ᠬᠠᠪᠰᠤᠷᠤᠨ ᠤᠴᠢᠷ ᠶᠠᠪᠤᠳᠠᠯ ᠢ ᠠᠮᠠᠷᠬᠠᠨ ᠬᠦᠢᠴᠡᠳᠭᠡᠨ᠎ᠡ᠃  ᠪᠤᠤᠴᠠᠩ ᠪᠠᠯᠭᠠᠰᠤᠨ ᠤ ᠯᠢ ᠠᠪᠤᠭᠠᠢ ᠡᠮᠨᠡᠯᠭᠡ ᠶᠢᠨ ᠳᠠᠭᠠᠳᠬᠠᠯ ᠤᠨ ᠭᠦᠢᠴᠡᠳᠬᠡᠬᠦ ᠶᠠᠪᠤᠴᠠ ᠶᠢ ᠤᠷᠢᠳᠴᠢᠯᠠᠨ ᠣᠶᠢᠯᠠᠭᠠᠭᠰᠠᠨ ᠦᠭᠡᠢ ᠠᠴᠠ ᠪᠣᠯᠵᠤ  ᠬᠠᠮᠢᠶ᠎ᠠ ᠪᠦᠬᠦᠢ ᠮᠠᠲ᠋ᠧᠷᠢᠶᠠᠯ ᠢᠶᠠᠨ ᠴᠤ ᠭᠦᠢᠴᠡᠳ ᠪᠡᠯᠡᠳᠬᠡᠭᠰᠡᠨ ᠦᠭᠡᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ  ᠳᠤ ᠬᠦᠷᠴᠦ ᠢᠷᠡᠵᠡᠢ  ᠃  ᠪᠠᠶᠢᠳᠠᠯ ᠢ ᠤᠶᠢᠯᠠᠭᠠᠭᠰᠠᠨ ᠤ ᠲᠠᠷᠠᠭ᠎ᠠ  ᠴᠤᠩᠬᠤᠪᠴᠢ ᠶᠢᠨ ᠠᠵᠢᠯᠲᠠᠳ ᠲᠠᠷᠤᠶᠢᠬᠠᠨ ᠡᠮᠨᠡᠯᠭᠡ   ᠶᠢᠨ ᠳᠠᠭᠠᠳᠬᠠᠯ ᠤᠨ ᠲᠣᠪᠴᠢᠶ᠎ᠠ ᠲᠠᠢ  ᠬᠠᠷᠢᠯᠴᠠᠵᠤ ᠨᠡᠪᠳᠡᠷᠡᠯᠴᠡᠬᠦ ᠪᠠᠷ ᠲᠠᠮᠵᠢᠭᠠᠳ᠂ ᠳᠤᠲᠠᠵᠤ ᠪᠠᠶᠢᠭ᠎ᠠ ᠮᠠᠲ᠋ᠧᠷᠢᠶᠠᠯ ᠢ  ᠰᠡᠬᠦᠳᠡᠷᠯᠡᠨ ᠨᠦᠬᠦᠪᠦᠷᠢᠯᠡᠵᠦ᠂  ᠴᠤᠩᠬᠤᠪᠴᠢ ᠶᠢᠨ ᠠᠵᠢᠯᠲᠠᠨ ᠠᠴᠠ ᠪᠦᠬᠦᠶᠢᠯᠡ  ᠬᠦᠢᠴᠡᠳᠭᠡᠯ ᠢ ᠣᠷᠣᠯᠠᠨ ᠬᠦᠢᠴᠡᠳᠭᠡᠬᠦ ᠪᠠᠷ ᠪᠤᠯᠪᠠ  ᠃ ᠲᠤᠬᠠᠢ   ᠶᠢᠨ ᠦᠶ᠎ᠡ   ᠶᠢᠨ  ᠪᠠᠶᠢᠳᠠᠯ   ᠢ ᠡᠷᠭᠢᠴᠡᠭᠦᠯᠬᠦ ᠳᠡᠭᠡᠨ ᠯᠢ ᠠᠪᠤᠭᠠᠢ ᠶᠡᠬᠡᠳᠡ ᠰᠡᠳᠬᠢᠯ  ᠲᠤᠭᠳᠤᠯᠵᠤ  ᠂  ︽ ᠰᠢᠯᠢᠳᠡᠭ ᠦᠢᠯᠡᠴᠢᠯᠡᠭᠡ   ᠶᠢᠨ ᠰᠠᠶᠢᠨ ᠢᠶᠠᠷ ᠪᠢ ᠳᠠᠭᠠᠳᠬᠠᠯ  ᠢᠶᠠᠨ ᠨᠢᠭᠡ ᠯᠡ ᠤᠳᠠᠭ᠎ᠠ ᠳᠤ ᠠᠮᠵᠢᠯᠲᠠ ᠲᠠᠢ ᠭᠦᠢᠴᠡᠳᠬᠡᠵᠦ ᠴᠢᠳᠠᠯ᠎ᠠ᠂  ᠦᠬᠡᠢ ᠪᠤᠯ ᠬᠡᠴᠢᠨᠡᠨ ᠤᠳᠠᠭ᠎ᠠ ᠬᠦᠶᠦᠬᠦ  ᠶᠢ ᠪᠤᠤ ᠮᠡᠳᠡ᠂ ᠦᠨᠡᠭᠡᠷ ᠨᠡᠷ᠎ᠡ ᠨᠢᠳᠡᠷ ᠲᠡᠭᠡᠨ ᠲᠡᠩᠴᠡᠭᠰᠡᠨ ᠴᠤᠩᠬᠤᠪᠴᠢ ᠪᠠᠶᠢᠨ᠎ᠠ ᠁︾  ᠬᠡᠵᠦ  ︽ ᠬᠦᠴᠢᠷ ᠶᠠᠪᠤᠳᠠᠯ ᠢ ᠰᠢᠢᠳᠪᠦᠷᠢᠯᠡᠬᠦ ︾ ᠴᠤᠩᠬᠤᠪᠴᠢ ᠶᠢᠨ ᠠᠵᠢᠯᠲᠠᠳ ᠢ  ᠱᠠᠭᠰᠢᠨ ᠮᠠᠬᠳᠠᠵᠤ  ᠪᠠᠶᠢᠯ᠎ᠠ᠃      — —  ᠨᠢᠭᠡᠯᠡ ᠲᠡᠭᠡᠷ᠎ᠡ ᠮᠡᠳᠡᠭᠳᠡᠬᠦ ᠬᠠᠭᠤᠳᠠᠰᠤ ᠪᠠᠭᠤᠯᠭᠠᠵᠤ  ᠂ ᠣᠯᠠᠨ ᠲᠦᠮᠡᠨ ᠢ ︽ᠲᠠᠯᠠᠭᠠᠷ ᠬᠦᠶᠦᠯᠭᠡᠬᠦ︾ ᠠᠴᠠ ᠬᠢᠴᠢᠶᠡᠨ᠎ᠡ  ᠃ ︽ᠥᠩᠭᠡᠷᠡᠭᠰᠡᠨ ᠳᠤ ᠡᠵᠡᠩᠨᠡᠯᠲᠡ   ᠶᠢᠨ ᠦᠨᠡᠮᠯᠡᠯ  ᠬᠦᠢᠴᠡᠳᠭᠡᠬᠦ  ᠦᠶᠡᠰ᠂ ᠡᠨᠡ ᠶᠢ ᠪᠠᠨ  ᠠᠪᠬᠤ ᠪᠠᠨ ᠮᠠᠷᠳᠠᠬᠤ ᠦᠬᠡᠢ  ᠪᠤᠯ ᠲᠡᠷᠡ ᠶᠢ ᠪᠠᠨ ᠠᠪᠬᠤ ᠪᠠᠨ ᠮᠠᠷᠳᠠᠭᠠᠳ᠂ ᠬᠡᠳᠦ ᠤᠳᠠᠭ᠎ᠠ ᠭᠦᠶᠦᠵᠦ ᠴᠠᠭ ᠢᠶᠠᠨ ᠪᠠᠷᠠᠳᠠᠭ ᠪᠠᠶᠢᠭᠰᠠᠨ᠂  ᠤᠳᠤ  ᠡᠨᠡ  ᠮᠡᠳᠡᠭᠳᠡᠯ ᠤᠨ  ᠬᠠᠭᠤᠳᠠᠰᠤ   ᠶᠢ ᠣᠯᠣᠭᠰᠠᠨ   ᠠᠴᠠ ᠪᠢᠳᠡᠨ ᠳᠤ ᠲᠣᠩ ᠲᠦᠬᠦᠮ ᠪᠣᠯᠵᠠᠢ︾ ᠬᠡᠵᠦ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠶᠡᠷᠦᠩᠬᠡᠶᠢᠯᠡᠭᠰᠡᠨ ᠴᠣᠩᠬᠤᠨ ᠳᠤ ᠤᠴᠢᠷ ᠬᠦᠢᠴᠡᠳᠭᠡᠬᠦ ᠪᠠᠷ ᠢᠷᠡᠭᠰᠡᠨ ᠣᠯᠠᠨ ᠲᠦᠮᠡᠨ ᠪᠠᠶᠠᠷᠲᠠᠢ ᠶᠠᠷᠢᠵᠤ ᠭᠠᠷᠤᠯ᠎ᠠ ᠃ ᠣᠯᠠᠨ ᠲᠦᠮᠡᠨ ᠤ ᠤᠴᠢᠷ ᠶᠠᠪᠤᠳᠠᠯ ᠬᠦᠢᠴᠡᠳᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ︽ᠨᠢᠬᠡᠯᠡ  ᠲᠡᠭᠡᠷ᠎ᠡ ᠮᠡᠳᠡᠭᠳᠡᠬᠦ ᠬᠠᠭᠤᠳᠠᠰᠤ︾ ᠶᠢ ᠲᠠᠷᠤᠮᠠᠯᠯᠠᠨ ᠦᠢᠯᠡᠳᠴᠦ᠂ ᠣᠯᠠᠨ ᠲᠦᠮᠡᠨ ᠤ ᠶᠠᠮᠠᠷ ᠮᠠᠲ᠋ᠧᠷᠢᠶᠠᠯ ᠪᠡᠯᠡᠳᠭᠡᠬᠦ ᠪᠠᠨ ᠮᠡᠳᠡᠬᠦ ᠦᠭᠡᠢ ᠪᠤᠶᠤ ᠡᠨᠡ ᠲᠡᠷᠡ ᠪᠠᠨ ᠮᠠᠷᠳᠠᠵᠤ ᠲᠠᠬᠢᠨ ᠲᠠᠪᠳᠠᠨ ᠬᠦᠶᠦᠳᠡᠭ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠡᠳ᠂ ᠣᠯᠠᠨ ᠲᠦᠮᠡᠨ ᠳᠤ ᠶᠡᠬᠡᠬᠡᠨ ᠲᠥᠬᠦᠮ ᠦᠵᠡᠬᠦᠯᠵᠦ ᠪᠤᠢ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号