11 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠥᠪ ᠤᠨ ᠠᠵᠢᠯ ᠤᠨ ᠵᠦᠪᠯᠡᠯ ᠤᠨ | ᠬᠠᠤᠯᠢ ᠶᠢᠨ ᠲᠥᠰᠥᠯ ᠤᠨ ᠲᠠᠰᠤᠭ ᠤᠨ ᠳᠠᠷᠤᠭ᠎ᠠ ᠬᠤ᠋ ᠯᠢ ᠸᠧᠨ ᠵᠡᠷᠭᠡ ᠬᠦᠮᠦᠰ ᠲᠠᠶᠢᠹᠤᠰᠧ ᠬᠤᠰᠢᠭᠤᠨ ᠳᠤ | ᠬᠦᠨᠵᠡᠬᠡᠶᠢᠷᠡᠵᠦ᠂ ᠵᠠᠰᠠᠭ ᠤᠨ ᠣᠷᠳᠣᠨ ᠤ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠪᠠᠶᠢᠳᠠᠯ ᠳᠤ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠳᠠ ᠬᠢᠵᠦ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ᠂ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠲᠤᠸ ᠹᠦ᠋᠂ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠳ᠋ ᠤᠨ ᠵᠠᠰᠠᠭ ᠠᠵᠤ | ᠠᠬᠤᠢ ᠶᠢᠨ ᠠᠵᠢᠯ ᠤᠨ ᠭᠠᠵᠠᠷ ᠤᠨ ᠳᠠᠷᠤᠭ᠎ᠠ ᠬᠠᠨ ᠱᠤ᠋ ᠬᠤᠸᠠ ᠵᠢᠴᠢ ᠬᠤᠰᠢᠭᠤᠨ ᠤ ᠤᠳᠤᠷᠢᠳᠤᠯᠭ᠎ᠠ ᠯᠢ ᠵᠠᠨ | ᠷᠦᠢ᠂ ᠴᠧᠨ ᠶᠠᠨ ᠪᠦᠦ᠂ ᠶᠢᠨ ᠶᠦᠩ ᠾᠧ᠂ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | ᠶᠠᠷᠢᠯᠴᠠᠬᠤ ᠬᠤᠷᠠᠯ ᠲᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ | ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ | ᠰᠠᠨᠠᠯ ᠢᠶᠠᠨ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠪᠠ ᠬᠢᠨᠠᠯᠲᠠ ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ | ᠶᠢ ᠦᠷ᠎ᠡ ᠪᠦᠳᠦᠮᠵᠢᠳᠡᠢ ᠭᠡᠷᠡᠭᠯᠡᠬᠦ ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ | ᠵᠡᠷᠭᠡ ᠲᠠᠯ᠎ᠠ ᠪᠠᠷ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ | ᠳᠤᠭᠤᠶᠢᠯᠠᠩ ᠠᠴᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠲᠦᠷᠦᠯ ᠤᠨ ᠵᠢᠭᠡᠯᠡᠯᠭᠡ ᠶᠢᠨ | ᠲᠡᠮᠳᠡᠭᠲᠦ ᠪᠣᠯ ᠨᠡᠮᠡᠭᠳᠡᠯ ᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠳᠤᠲᠠᠭᠤᠳᠠᠯ ᠢ | ᠨᠥᠬᠦᠪᠦᠷᠢᠯᠡᠬᠦ ᠴᠢᠬᠤᠯᠠ ᠭᠠᠷᠳᠠᠴᠠ ᠪᠤᠯᠤᠨ᠎ᠠ᠂ ᠵᠢᠭᠡᠯᠡᠯᠭᠡ ᠶᠢᠨ ᠲᠡᠮᠳᠡᠭᠲᠦ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠤᠨ ᠪᠠᠶᠢᠭᠤᠯᠤᠯᠲᠠ ᠪᠠ ᠪᠡᠯᠡ ᠮᠥᠩᠭᠦ ᠶᠢᠨ | ᠬᠠᠮᠢᠶᠠᠷᠤᠯᠳᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ᠂ | ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠲᠡᠭᠡᠷᠡᠬᠢ ᠦᠷ᠎ᠡ ᠠᠰᠢᠭ ᠢ ᠨᠢ ᠨᠡᠮᠡᠭᠳᠡᠬᠦᠯᠵᠦ᠂ | ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦᠯᠬᠦ | ᠭᠡᠷᠡᠭᠳᠡᠢ᠃ ᠬᠥᠭᠵᠢᠯᠲᠡ ᠶᠢ ᠠᠬᠢᠭᠤᠯᠬᠤ ᠪᠠ ᠲᠦᠭᠰᠢᠭᠦᠷᠢ ᠶᠢ ᠰᠡᠷᠭᠡᠶᠢᠯᠡᠬᠦ ᠶᠢ ᠵᠡᠷᠭᠡᠪᠡᠷ ᠠᠳᠬᠤᠵᠤ᠂ ᠬᠤᠯᠪᠣᠭᠳᠠᠯ | ᠪᠦᠬᠦᠢ ᠬᠠᠤᠯᠢ ᠲᠦᠷᠢᠮ ᠪᠠ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠬᠡ ᠬᠦᠦ ᠶᠢ | ᠪᠤᠴᠠᠭᠠᠵᠤ ᠲᠥᠯᠥᠬᠦ ᠠᠵᠢᠯ ᠢ ᠲᠣᠬᠢᠲᠠᠢ ᠰᠠᠶᠢᠨ ᠲᠣᠬᠢᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠬᠡᠵᠦ ᠱᠠᠭᠠᠷᠳᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠤᠴᠠᠩ ᠪᠠᠯᠭᠠᠰᠤᠨ ᠤ ᠶᠠᠩ | ᠭᠤᠸᠠᠩ ᠰᠠᠭᠤᠭᠠᠯᠢ ᠲᠣᠭᠤᠷᠢᠭ ︵ᠭᠤᠷᠪᠠᠳᠤᠭᠠᠷ ᠬᠤᠭᠤᠴᠠᠭ᠎ᠠ︶ ᠂ ᠪᠤᠤᠴᠠᠩ ᠪᠠᠯᠭᠠᠰᠤᠨ ᠤ ᠠᠵᠤ | ᠦᠢᠯᠡᠳᠪᠦᠷᠢ ᠶᠢᠨ ᠤᠷᠤᠨ ᠲᠣᠭᠤᠷᠢᠭ ᠤᠨ ᠲᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ᠂ ᠪᠤᠤᠴᠠᠩ | ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ ᠥᠪᠥᠷ ᠮᠣᠩᠭᠤᠯ ᠤᠨ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ | ᠬᠦᠨᠵᠡᠬᠡᠶᠢᠷᠡᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠲᠥᠷᠥᠯ ᠵᠦᠢᠯ ᠤᠨ | ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠪᠠ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢᠨ ᠬᠡᠷᠡᠭᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ᠃ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ | ᠣᠷᠣᠯᠴᠠᠵᠠᠢ᠃ |