ᠲᠠᠶᠢᠹᠤᠰᠧ ᠬᠤᠰᠢᠭᠤ ᠱᠠᠰᠢᠨ ᠰᠤᠷᠲᠠᠬᠤᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠵᠢᠯ ᠳᠤ ᠲᠤᠬᠢᠷᠠᠭᠤᠯᠤᠯᠳᠠ  ᠬᠢᠭᠰᠡᠨ
ᠨᠡᠶᠢᠲᠡᠯᠡᠭᠰᠡᠨ ᠴᠠᠭ᠄
2023/11/17
   11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ  ᠬᠢᠨ ᠴᠢᠶᠠᠨ ᠶᠢᠨ ᠭᠧᠦ ᠪᠠᠯᠭᠠᠰᠤᠨ ᠳᠤ ᠬᠦᠨᠵᠡᠬᠡᠶᠢᠷᠡᠵᠦ᠂ ᠱᠠᠰᠢᠨ ᠰᠤᠷᠲᠠᠬᠤᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠵᠢᠯ ᠤᠨ  ᠲᠤᠬᠢᠷᠠᠭᠤᠯᠤᠯᠳᠠ ᠶᠢᠨ ᠬᠤᠷᠠᠯ ᠬᠢᠵᠦ᠂ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠪᠣᠯᠣᠨ ᠤᠯᠤᠰ ᠲᠥᠷᠥ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂  ᠴᠢᠶᠠᠨ ᠶᠢᠨ ᠭᠸᠦ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ ᠵᠢᠴᠢ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠡᠰᠡᠭ ᠲᠣᠰᠬᠤᠨ ᠤ ᠬᠢᠨ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠲᠤᠰᠪᠤᠷᠢ ᠬᠠᠷᠢᠭᠤ ᠮᠡᠳᠡᠭᠦᠯᠵᠦ᠂ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠳᠠᠨ ᠠᠴᠠ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠳᠤ ᠨᠠᠷᠢᠨ ᠲᠠᠶᠢᠯᠤᠮᠵᠢ ᠬᠢᠵᠦ᠂ ᠬᠠᠮᠢᠶ᠎ᠠ ᠪᠦᠬᠦᠢ ᠤᠳᠤᠷᠢᠳᠤᠯᠭ᠎ᠠ ᠠᠴᠠ ᠴᠢᠶᠠᠨ ᠶᠢᠨ ᠭᠸᠦ ᠪᠠᠯᠭᠠᠰᠤᠨ ᠤ ᠱᠠᠰᠢᠨ ᠰᠤᠷᠲᠠᠬᠤᠨ ᠤ  ᠠᠵᠢᠯ ᠤᠨ ᠪᠠᠶᠢᠳᠠᠯ ᠢ ᠵᠠᠳᠠᠯᠤᠨ ᠮᠠᠭᠠᠳᠯᠠᠭᠰᠠᠨ ᠪᠥᠭᠡᠳ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂  ᠱᠠᠰᠢᠨ ᠰᠤᠷᠲᠠᠬᠤᠨ ᠤ ᠬᠡᠷᠡᠭ  ᠡᠷᠬᠢᠯᠡᠬᠦ ᠲᠣᠪᠴᠢᠶᠠᠨ ᠤ ᠳᠠᠷᠤᠭ᠎ᠠ ᠳ᠋ᠤᠸᠠᠨ ᠯᠢ ᠨᠠ ᠴᠢᠬᠤᠯᠠᠴᠢᠯᠠᠬᠤ ᠳᠠᠭᠠᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠰᠤᠮᠤ ᠰᠢᠶᠠᠩ ᠪᠠᠯᠭᠠᠰᠤ ᠨᠢ ᠨᠠᠮ ᠠᠴᠠ ᠱᠠᠰᠢᠨ ᠰᠤᠷᠲᠠᠬᠤᠨ ᠢ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠱᠠᠰᠢᠨ ᠰᠤᠷᠲᠠᠬᠤᠨ ᠤ ᠠᠵᠢᠯ ᠳᠤ ᠪᠠᠭ᠎ᠠ ᠶᠠᠪᠤᠳᠠᠯ ᠦᠭᠡᠢ︾  ᠬᠡᠮᠡᠬᠦ  ᠤᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠵᠠᠰᠠᠯᠲᠠ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ  ᠴᠢᠩᠭᠠᠳᠬᠠᠨ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠱᠠᠰᠢᠨ ᠰᠤᠷᠲᠠᠬᠤᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠢᠷᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠺᠠᠳ᠋ᠷ᠂ ᠱᠠᠰᠢᠨ ᠰᠤᠷᠲᠠᠬᠤᠨ ᠤ ᠬᠤᠯᠪᠣᠭᠠᠴᠢᠨ ᠨᠢ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ  ᠪᠠᠨ ᠴᠢᠩᠭᠠᠳᠬᠠᠵᠤ᠂ ᠱᠠᠰᠢᠨ ᠰᠤᠷᠲᠠᠬᠤᠨ ᠤ ᠤᠨᠤᠯ᠂ ᠲᠦᠷᠦ ᠶᠢᠨ ᠪᠣᠳᠣᠯᠭ᠎ᠠ᠂ ᠬᠠᠤᠯᠢ ᠲᠦᠷᠢᠮ ᠤᠨ ᠰᠤᠷᠤᠯᠴᠠᠯᠭ᠎ᠠ ᠶᠢ ᠴᠢᠩᠭᠠᠳᠬᠠᠨ᠂  ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂  ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠲᠦᠷᠢᠮ ᠶᠣᠰᠣᠭᠠᠷ ᠬᠠᠮᠢᠶᠠᠷᠬᠤ ᠬᠡᠷᠡᠭᠲᠡᠢ᠃ ᠭᠤᠷᠪᠠ ᠳᠤ᠂ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠱᠠᠰᠢᠨ ᠰᠤᠷᠲᠠᠬᠤᠨ  ᠤ ᠬᠦᠷᠢᠶ᠎ᠡ ᠴᠠᠷᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠤᠨ ᠵᠤᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ ᠱᠠᠲᠤᠨ ᠤ ᠲᠣᠣᠷ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ᠂ ᠱᠠᠰᠢᠨ ᠰᠤᠷᠲᠠᠬᠤᠨ ᠤ  ᠲᠠᠯᠠᠪᠤᠷ ᠤᠨ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠴᠠᠭᠠᠯᠲᠠ ᠶᠢ ᠪᠠᠶᠢᠩᠭᠤ ᠦᠷᠨᠢᠬᠦᠯᠵᠦ᠂ ᠠᠶᠤᠯ ᠲᠦᠭᠰᠢᠭᠦᠷᠢ ᠭᠡᠮ ᠰᠤᠭᠤᠭ ᠢ ᠲᠣᠬᠢᠲᠠᠢ ᠠᠷᠢᠯᠭᠠᠨ᠂ ᠱᠠᠰᠢᠨ ᠰᠤᠷᠲᠠᠬᠤᠨ ᠤ ᠬᠦᠷᠢᠶ᠎ᠡ ᠴᠠᠷᠠᠭᠠᠨ ᠤ ᠡᠶ᠎ᠡ ᠵᠤᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠬᠤ ᠭᠡᠷᠡᠭᠳᠡᠢ ᠬᠡᠵᠡᠢ᠃  ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠣ ᠶᠢᠩ ᠵᠦᠸᠧ ᠠᠴᠠ᠂  ᠪᠠᠯᠭᠠᠰᠤᠨ ᠤ ᠨᠠᠮ ᠤᠨ ᠬᠤᠷᠢᠶ᠎ᠠ ᠨᠢ ᠳᠡᠭᠡᠳᠦ ᠱᠠᠲᠤᠨ ᠤ ᠰᠠᠯᠠᠭ᠎ᠠ ᠮᠥᠴᠢᠷ  ᠯᠦᠭᠡ ᠢᠳᠡᠪᠬᠢᠲᠡᠢ ᠬᠠᠮᠵᠢᠯᠴᠠᠨ᠂ ᠱᠠᠰᠢᠨ ᠰᠤᠷᠲᠠᠬᠤᠨ ᠤ ᠲᠠᠯᠠᠪᠤᠷ ᠤᠨ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠴᠢᠩᠭ᠎ᠠ ᠴᠣᠬᠢᠯᠲᠠ ᠥᠭᠴᠦ᠂ ᠱᠠᠰᠢᠨ ᠰᠤᠷᠲᠠᠬᠤᠨ ᠤ ᠠᠵᠢᠯ ᠤᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠷᠢᠰᠢᠯ ᠢ ᠪᠤᠢ ᠪᠤᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠲᠦᠷᠦᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠬᠦᠴᠦᠷᠬᠡᠭ ᠶᠡᠭᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠩ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠨ᠎ᠠ ᠭᠡᠵᠦ ᠣᠪᠣᠷ ᠢᠶᠠᠨ ᠢᠯᠡᠳᠭᠡᠭᠰᠡᠨ ᠪᠦᠭᠡᠳ ᠡᠯ᠎ᠡ ᠲᠣᠰᠬᠤᠨ ᠤ  ᠬᠢᠨ ᠡᠷᠬᠡᠪᠰᠢ ᠱᠠᠰᠢᠨ ᠰᠤᠷᠲᠠᠬᠤᠨ ᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠂ ᠱᠠᠰᠢᠨ ᠰᠤᠷᠲᠠᠬᠤᠨ ᠤ ᠠᠵᠢᠯ ᠤᠨ ᠬᠢᠷᠢ ᠲᠦᠪᠰᠢᠨ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠱᠠᠰᠢᠨ ᠰᠢᠳᠦᠭᠴᠢ ᠤᠯᠠᠨ ᠲᠦᠮᠡᠨ ᠤ ᠠᠵᠢᠯ ᠢ ᠵᠣᠬᠢᠰᠲᠠᠢ ᠰᠠᠶᠢᠲᠤᠷ ᠬᠢᠵᠦ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠡᠬᠦᠷᠢᠳᠡ ᠲᠠᠭᠠᠬᠤ᠂ ᠨᠠᠮ ᠲᠠᠢ   ᠪᠠᠨ ᠰᠡᠳᠬᠢᠯ ᠨᠢᠭᠡᠳᠴᠦ ᠬᠠᠮᠲᠤ ᠪᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号