ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠲᠦᠷ ᠴᠠᠭ ᠤᠨ ᠨᠠᠮ ᠤᠨ ᠡᠭᠦᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/17
    ᠲᠥᠪ ᠤᠨ ︽ᠰᠢᠨ᠎ᠡ ᠴᠠᠭ ᠦᠶ᠎ᠡ ᠶᠢᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾ ᠤᠨ ᠵᠣᠷᠢᠭ ᠰᠠᠨᠠᠭ᠎ᠠ  ᠶᠢ ᠰᠠᠶᠢᠲᠤᠷ ᠨᠠᠶᠢᠳᠠᠪᠤᠷᠢᠵᠢᠭᠤᠯᠤᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂  ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨᠬᠦ  ᠴᠢᠩᠭᠠᠳᠬᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠨᠢ ᠬᠤᠰᠢᠭᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠠᠴᠠ ᠵᠦᠪᠰᠢᠶᠡᠷᠡᠯ ᠠᠪᠴᠤ᠂ ᠲᠠᠶᠢᠹᠤᠰᠧ ᠬᠤᠰᠢᠭᠤᠨ  ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠲᠦᠷ ᠴᠠᠭ ᠤᠨ ᠨᠠᠮ ᠤᠨ ᠡᠬᠦᠷ ᠢ ᠪᠠᠶᠢᠭᠤᠯᠵᠠᠢ᠃ 11 ᠰᠠᠷ᠎ᠠ ᠶᠢᠨ 7 ᠤ ᠡᠳᠦᠷ ᠬᠤᠰᠢᠭᠤᠨ ᠤ ᠠᠬᠠᠮᠠᠳ ᠺᠠᠳ᠋ᠷᠴᠤᠳ ᠤᠨ ᠬᠦᠳᠡᠯᠪᠦᠷᠢ ᠠᠵᠢᠯᠯᠠᠭᠠᠨ ᠤ ᠲᠥᠪ ︵ᠨᠠᠰᠤᠲᠠᠶᠢᠴᠤᠳ ᠤᠨ ᠶᠡᠭᠡ ᠰᠤᠷᠭᠠᠭᠤᠯᠢ︶ ᠲᠤ ᠲᠦᠷ ᠴᠠᠭ ᠤᠨ ᠨᠠᠮ ᠤᠨ ᠡᠭᠦᠷ ᠤᠨ ᠪᠠᠶᠢᠭᠤᠯᠤᠭᠳᠠᠬᠤ ᠶᠣᠰᠣᠯᠠᠯ ᠵᠢᠴᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ  ᠬᠤᠷᠠᠯᠳᠤᠵᠤ᠂  ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠨᠠᠮ ᠤᠨ ᠭᠡᠰᠢᠬᠦᠳ ᠪᠠ ᠠᠬᠠᠮᠠᠳ ᠺᠠᠳ᠋ᠷᠴᠤᠳ ᠤᠨ ᠬᠦᠳᠡᠯᠪᠦᠷᠢ ᠠᠵᠢᠯᠯᠠᠭᠠᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠴᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶᠠᠨ ᠤ ᠳᠠᠷᠤᠭ᠎ᠠ ᠰᠦᠨ ᠯᠢ ᠪᠢᠨ ᠠᠴᠠ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠢᠴᠢ ᠨᠠᠮ ᠤᠨ ᠡᠭᠦᠷ ᠤᠨ ᠭᠡᠰᠢᠭᠦᠳ ᠤᠨ ᠨᠡᠷᠡᠰ ᠢ ᠤᠩᠰᠢᠨ ᠨᠡᠶᠢᠳᠡᠯᠡᠭᠰᠡᠨ ᠪᠦᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾  ᠂ ︽ᠪᠥᠬᠦ ᠬᠤᠰᠢᠭᠤᠨ ᠤ ᠠᠵᠢᠯ   ᠠᠴᠠ ᠪᠠᠨ ᠠᠮᠠᠷᠠᠭᠰᠠᠨ ᠺᠠᠳ᠋ᠷᠴᠤᠳ ᠤᠨ ᠳᠤᠮᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠦᠰᠦᠪ︾ ᠢ  ᠤᠯᠠᠮᠵᠢᠯᠠᠨ ᠰᠤᠷᠤᠯᠴᠠᠵᠤ᠂   ᠪᠦᠬᠦ ᠨᠠᠮ ᠤᠨ ᠭᠡᠰᠢᠭᠦᠳ ᠲᠤ ︽  ᠰᠢ ᠶᠢᠨ ᠫᠢᠩ  ᠤᠨ ᠵᠣᠬᠢᠶᠠᠯ  ᠤᠨ  ᠲᠡᠬᠦᠪᠦᠷᠢ︾ ︵ᠨᠢᠭᠡᠳᠦᠭᠡᠷ ᠪᠣᠳᠢ᠂ ᠬᠤᠶᠠᠳᠤᠭᠠᠷ ᠪᠣᠳᠢ︶᠂ ︽  ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠳᠦ ᠲᠡᠭᠦᠪᠦᠷᠢ︾᠂ ︽  ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠬᠤ ᠬᠥᠲᠥᠯᠪᠦᠷᠢ︾ ᠵᠡᠷᠭᠡ 10 ᠵᠦᠢᠯ ᠤᠨ ᠰᠤᠷᠤᠯᠴᠠᠬᠤ ᠮᠠᠲ᠋ᠧᠷᠢᠶᠠᠯ ᠬᠢᠭᠡᠳ ᠨᠠᠮ ᠤᠨ ᠭᠡᠰᠢᠭᠦᠨ ᠤ ᠤᠯᠤᠰ ᠲᠦᠷᠦ  ᠶᠢᠨ ᠲᠦᠷᠦᠭᠰᠡᠨ ᠡᠳᠦᠷ ᠤᠨ ᠪᠠᠶᠠᠷ  ᠤᠨ ᠺᠠᠷᠲ   ᠢ ᠲᠠᠷᠬᠠᠭᠠᠭᠰᠠᠨ ᠪᠠᠶᠢᠨ᠎ᠠ᠃  ᠬᠤᠷᠠᠯ ᠳᠤ ᠤᠷᠤᠯᠴᠠᠭᠰᠠᠨ ᠨᠠᠮ ᠤᠨ ᠭᠡᠰᠢᠭᠦᠳ ᠠᠴᠠ ᠤᠷᠢᠳ ᠬᠤᠵᠢᠳ ᠣᠪᠣᠷ ᠢᠶᠠᠨ ᠢᠯᠡᠳᠭᠡᠬᠦ ᠦᠬᠡ ᠬᠡᠯᠡᠵᠦ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠬᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ᠂ ᠰᠤᠷᠭᠠᠭᠤᠯᠢ ᠶᠢᠨ ᠬᠠᠮᠢᠶᠠᠷᠤᠯᠲᠠ ᠳᠤ ᠣᠷᠣᠯᠴᠠᠬᠤ ᠵᠡᠷᠭᠡ ᠲᠠᠯᠠᠪᠠᠷ  ᠰᠡᠳᠬᠢᠯ ᠤᠨ ᠦᠭᠡ ᠪᠠᠨ ᠬᠤᠪᠢᠶᠠᠯᠴᠠᠪᠠ᠃  ᠮᠦᠨ ᠡᠳᠦᠷ᠂ ᠨᠠᠮ ᠤᠨ ᠡᠬᠦᠷ ᠤᠨ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠨᠠᠮ ᠤᠨ ᠡᠭᠦᠷ ᠤᠨ ᠭᠡᠰᠢᠭᠦᠳ ᠲᠤ ᠠᠵᠢᠯ ᠡᠭᠦᠷᠭᠡ ᠬᠤᠪᠢᠶᠠᠷᠢᠯᠠᠨ᠂  ᠲᠦᠷ ᠴᠠᠭ ᠤᠨ ᠨᠠᠮ ᠤᠨ ᠡᠭᠦᠷ ᠤᠨ  ᠡᠭᠦᠷᠭᠡ ᠬᠠᠷᠢᠭᠤᠴᠠᠯᠭ᠎ᠠ᠂ ᠨᠠᠮ ᠤᠨ ᠪᠠᠶᠢᠭᠤᠯᠤᠯᠲᠠ ᠶᠢᠨ ᠬᠤᠯᠪᠣᠭᠠᠴᠢᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠥᠯᠥᠪᠯᠡᠭᠡ ᠶᠢ ᠰᠤᠳᠤᠯᠵᠠᠢ᠃  ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠢ  ᠣᠲᠣ 5 ᠲᠤᠰᠬᠠᠢ ᠮᠡᠷᠭᠡᠵᠢᠯ ᠤᠨ ᠠᠩᠭᠢ  ᠂  150 ᠨᠡᠷ᠎ᠡ ᠰᠤᠷᠤᠭᠴᠢ ᠲᠠᠢ ᠪᠠᠶᠢᠵᠤ᠂ ᠡᠭᠦᠨ ᠳᠤ 13 ᠨᠠᠮ ᠤᠨ ᠭᠡᠰᠢᠭᠦᠨ ᠰᠤᠷᠤᠭᠴᠢ ᠪᠣᠶ᠃ ᠰᠤᠷᠭᠠᠭᠤᠯᠢ ᠪᠠᠶᠢᠭᠤᠯᠤᠭᠳᠠᠭᠰᠠᠨ   ᠠᠴᠠ ᠨᠠᠰᠢ᠂  ᠦᠳᠡᠯᠦᠭᠰᠡᠨ ᠴᠤ ᠰᠤᠷᠬᠤ ᠶᠠᠭᠤᠮ᠎ᠠ ᠲᠠᠢ  ᠂  ᠦᠳᠡᠯᠦᠭᠰᠡᠨ ᠴᠤ  ᠬᠢᠬᠦ ᠠᠵᠢᠯ ᠲᠠᠢ᠂  ᠦᠳᠡᠯᠦᠭᠰᠡᠨ ᠴᠤ  ᠪᠠᠶᠠᠷ ᠴᠡᠩᠭᠡᠯ ᠲᠠᠢ ᠪᠠᠶᠢᠬᠤ ᠵᠣᠷᠢᠯᠲᠠ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠬᠦᠳᠦᠨ᠂ ᠰᠤᠷᠭᠠᠭᠤᠯᠢ ᠡᠷᠭᠢᠯᠡᠬᠦ ᠠᠷᠭ᠎ᠠ ᠵᠠᠮ ᠢ ᠢᠳᠡᠪᠬᠢᠲᠡᠢ ᠬᠠᠶᠢᠵᠤ᠂ ᠪᠥᠬᠦ ᠬᠤᠰᠢᠭᠤᠨ ᠤ ᠥᠷᠭᠡᠨ ᠣᠯᠠᠨ ᠨᠠᠰᠤᠲᠠᠶᠢᠴᠤᠳ ᠲᠤ ᠡᠷᠡᠭᠦᠯ ᠥᠭᠡᠳᠡᠷᠬᠡᠭ ᠰᠤᠷᠤᠯᠴᠠᠬᠤ ᠲᠠᠪᠴᠠᠩ ᠢ ᠬᠠᠩᠭᠠᠭᠰᠠᠨ ᠪᠠᠶᠢᠨ᠎ᠠ᠃ ᠲᠦᠷ ᠴᠠᠭ ᠤᠨ ᠨᠠᠮ ᠤᠨ ᠡᠭᠦᠷ ᠤᠨ ᠪᠠᠶᠢᠭᠤᠯᠤᠭᠳᠠᠭᠰᠠᠨ ᠨᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠲᠠᠯᠠᠪᠠᠷ ᠬᠢ ᠰᠢᠨ᠎ᠡ ᠠᠷᠭ᠎ᠠ ᠬᠡᠮᠵᠢᠶ᠎ᠡ ᠪᠤᠯᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠤᠭᠰᠠᠨ ᠢ ᠪᠡᠯᠭᠡᠳᠡᠵᠦ ᠪᠠᠶᠢᠭ᠎ᠠ ᠶᠤᠮ᠃ ︵11.17︶ ︵ᠢᠷᠡᠯᠳᠡ᠄ ᠲᠠᠶᠢᠹᠤᠰᠧ ᠬᠤᠰᠢᠭᠤᠨ ᠤ ᠠᠬᠠᠮᠠᠳ ᠺᠠᠳ᠋ᠷᠴᠤᠳ ᠤᠨ ᠲᠣᠪᠴᠢᠶ᠎ᠠ  ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号