11 ᠰᠠᠷ᠎ᠠ ᠶᠢᠨ 15 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ | ᠤᠨ ᠵᠦᠪᠯᠡᠯ ᠤᠨ ᠳᠡᠳ᠋ ᠡᠷᠬᠢᠯᠡᠭᠴᠢ ᠲᠤᠸ ᠹᠦ᠋᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠭᠠᠵᠠᠷ ᠤᠨ ᠳᠠᠷᠤᠭ᠎ᠠ ᠬᠠᠨ ᠱᠤ᠋ ᠬᠤᠸᠠ | ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠵᠠᠰᠠᠮᠠᠯ ᠵᠠᠮ ᠤᠨ ᠪᠠᠶᠢᠭᠤᠯᠤᠯᠲᠠ ᠪᠠ | ᠬᠠᠮᠢᠶᠠᠷᠤᠯᠳᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠶᠠᠷᠢᠯᠴᠠᠬᠤ ᠬᠤᠷᠠᠯ ᠲᠡᠭᠡᠷ᠎ᠡ᠂ ᠬᠤᠰᠢᠭᠤ | ᠵᠠᠰᠠᠭ ᠤᠨ ᠤᠷᠳᠤᠨ ᠤ ᠬᠢᠨ ᠬᠠᠷᠢᠭᠤ ᠮᠡᠳᠡᠭᠦᠯᠦᠯᠲᠡ ᠬᠢᠵᠦ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠵᠠᠢ᠃ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠵᠠᠰᠠᠮᠠᠯ ᠵᠠᠮ ᠤᠨ ᠪᠠᠶᠢᠭᠤᠯᠤᠯᠲᠠ ᠪᠠ ᠬᠠᠮᠢᠶᠠᠷᠤᠯᠳᠠ | ᠶᠢᠨ ᠠᠵᠢᠯ ᠤᠨ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠳᠠᠯᠠᠭᠰᠠᠨ ᠤ ᠬᠠᠮᠲᠤ ᠰᠠᠨᠠᠯ | ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠵᠠᠰᠠᠮᠠᠯ ᠵᠠᠮ ᠤᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠪᠣᠯ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠢᠨᠵᠧᠨᠧᠷᠢᠩ᠂ ᠠᠷᠠᠳ ᠲᠦᠮᠡᠨ ᠤ ᠠᠵᠠ ᠵᠢᠷᠭᠠᠯ ᠳᠤ ᠬᠤᠯᠪᠤᠭᠳᠠᠭᠰᠠᠨ᠂ | ᠮᠥᠨ ᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠰᠠᠶᠢᠵᠢᠷᠠᠭᠤᠯᠬᠤ ᠴᠢᠬᠤᠯᠠ ᠭᠠᠷᠳᠠᠴᠠ ᠮᠥᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠂ ᠠᠵᠤ ᠠᠬᠤᠢ ᠶᠢᠨ | ᠬᠥᠭᠵᠢᠯᠲᠡ ᠵᠡᠷᠭᠡ ᠬᠦᠴᠦᠨ ᠵᠦᠢᠯ ᠢ ᠬᠠᠮᠳᠤ ᠳᠤᠨᠢ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ | ᠪᠤᠳᠤᠯᠭ᠎ᠠ ᠰᠦᠪᠡᠭᠴᠢᠯᠡᠨ᠂ ᠠᠷᠠᠴᠢᠯᠠᠭ᠎ᠠ ᠬᠠᠮᠢᠶᠠᠷᠤᠯᠲᠠ ᠶᠢ ᠨᠠᠷᠢᠯᠢᠭ ᠤᠨᠤᠪᠴᠢᠳᠠᠢ ᠬᠢᠵᠦ᠂ ᠵᠠᠰᠠᠮᠠᠯ ᠵᠠᠮ ᠤᠨ | ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠵᠠᠰᠠᠮᠠᠯ ᠵᠠᠮ ᠢ | ᠠᠷᠠᠳ ᠣᠯᠠᠨ ᠤ ᠪᠠᠶᠠᠵᠢᠯ ᠤᠨ ᠵᠠᠮ ᠪᠠ ᠵᠢᠷᠭᠠᠯ ᠤᠨ ᠵᠠᠮ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠵᠠᠢ᠃ ᠯᠢ ᠵᠠᠨ | ᠷᠦᠢ᠂ ᠡᠷᠳᠡᠨᠢᠪᠠᠭᠠᠳᠤᠷ ᠵᠢᠴᠢ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |