11 ᠰᠠᠷ᠎ᠠ ᠶᠢᠨ 15 ᠤ ᠡᠳᠦᠷ᠂ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸ | ᠶᠢᠩ ᠵᠦᠸᠧ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠤᠯᠬᠤ ᠳ᠋ᠡ ᠭᠧ ᠳ᠋ᠦᠩ ᠲᠣᠰᠬᠤᠨ ᠳᠤ | ᠬᠦᠨᠵᠡᠬᠡᠶᠢᠷᠡᠵᠦ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠤᠷᠤᠯᠴᠠᠨ᠂ ᠲᠣᠰᠬᠤᠨ ᠤ ︽ᠬᠤᠶᠠᠷ | ᠵᠥᠪᠯᠡᠯ︾ ᠤᠨ ᠭᠡᠰᠢᠬᠦᠳ ᠪᠠ ᠨᠠᠮ ᠤᠨ ᠭᠡᠰᠢᠭᠦᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠠᠢ᠃ | ᠭᠤᠸ ᠶᠢᠩ ᠵᠦᠸᠧ ᠲᠡᠦᠬᠡ ᠶᠢᠨ ᠪᠣᠳᠠᠲᠤ ᠶᠠᠪᠤᠳᠠᠯ ᠪᠣᠯᠣᠨ ᠠᠮᠢᠳᠤᠯᠢᠭ ᠵᠢᠱᠢᠶ᠎ᠡ ᠪᠠᠷ ᠲᠠᠮᠵᠢᠭᠤᠯᠤᠨ᠂ ︽ᠲᠠᠪᠤᠨ | ᠥᠭᠦᠯᠡᠪᠦᠷᠢ︾ ᠶᠢᠨ ᠪᠣᠳᠠᠲᠠᠢ ᠠᠭᠤᠯᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠶᠠᠷᠢᠵᠤ᠂ ᠨᠠᠮ ᠠᠴᠠ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠲᠤᠬᠠᠢ | ᠭᠦᠨᠵᠡᠭᠡᠢ ᠲᠠᠶᠢᠯᠤᠮᠵᠢ ᠬᠢᠪᠡ᠃ ᠲᠡᠷᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ | ᠡᠵᠡᠮᠳᠡᠨ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠲᠠᠪᠤᠨ ᠪᠣᠳᠠᠲᠤ ᠶᠠᠪᠤᠳᠠᠯ ᠤᠨ ᠶᠣᠰᠣ ᠤᠴᠢᠷ | ︾ ᠢ ᠭᠦᠨᠵᠡᠭᠡᠢ ᠣᠶᠢᠯᠠᠭᠠᠨ ᠡᠵᠡᠮᠰᠢᠵᠦ᠂ ︽ ᠵᠤᠭᠤᠭ ᠲᠡᠯᠬᠡᠬᠦ︾ ᠬᠡᠯᠪᠡᠷᠢ ᠪᠠᠷ ᠨᠠᠮ ᠤᠨ ᠴᠢᠭᠯᠡᠯᠲᠡ ᠲᠦᠷᠦ ᠶᠢᠨ | ᠪᠣᠳᠣᠯᠭ᠎ᠠ ᠶᠢ ᠤᠬᠠᠭᠤᠯᠤᠨ᠂ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠢᠶᠠᠨ ᠠᠴᠢ ᠳᠤ | ᠲᠠᠯᠠᠷᠬᠠᠬᠤ᠂ ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠳᠠᠭᠠᠬᠤ ᠶᠢ ᠪᠠᠳᠤᠯᠠᠬᠤ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ | ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠤᠨ᠂ ᠨᠠᠮ ᠤᠨ | ᠭᠡᠰᠢᠭᠦᠨ ᠤ ᠡᠭᠦᠷᠭᠡ ᠪᠠᠨ ᠭᠦᠢᠴᠡᠳᠬᠡᠵᠦ᠂ ᠭᠤᠣᠯ ᠰᠡᠳᠦᠪᠲᠦ ᠬᠥᠮᠦᠵᠢᠯ ᠢ ᠭᠤᠣᠯ ᠴᠢᠬᠤᠯᠠ ᠠᠵᠢᠯ ᠯᠤᠭ᠎ᠠ | ᠨᠢᠭᠲᠠ ᠤᠶᠠᠯᠳᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠠᠶᠢᠭᠤᠯᠬᠤ ᠳᠤ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠪᠡ᠃ ᠬᠢᠴᠢᠶᠡᠯ ᠲᠠᠷᠬᠠᠭᠰᠠᠨ ᠤ ᠲᠠᠷᠠᠭ᠎ᠠ᠂ | ᠭᠤᠤ ᠶᠢᠩ ᠵᠦᠸᠧ ᠬᠤᠷᠠᠯ ᠳᠤ ᠣᠷᠣᠯᠴᠠᠭᠰᠠᠳ ᠲᠠᠢ ᠣᠷᠣᠰᠢ᠊ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ | ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ | ᠵᠠᠰᠠᠯᠲᠠ ᠵᠡᠷᠭᠡ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠤᠯᠠᠨ ᠤ ᠰᠠᠨᠠᠯ ᠰᠠᠨᠠᠭᠤᠯᠭ᠎ᠠ ᠶᠢ ᠰᠤᠨᠤᠰᠤᠭᠰᠠᠨ | ᠪᠠᠶᠢᠨ᠎ᠠ᠃ |