11 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ | ᠳᠠᠷᠤᠭ᠎ᠠ ᠰᠦᠨ ᠯᠢ ᠪᠢᠨ ᠵᠡᠷᠭᠡ ᠬᠦᠮᠦᠰ ᠬᠤᠩ ᠴᠢ ᠪᠠᠯᠭᠠᠰᠤᠨ ᠤ ᠬᠤᠩ ᠸᠧᠢ ᠲᠣᠰᠬᠤᠨ᠂ ᠳ᠋ᠦᠩ ᠭᠧᠦ | ᠲᠣᠰᠬᠤᠨ᠂ ᠰᠢᠨ ᠾᠧ ᠲᠣᠰᠬᠤᠨ ᠳᠤ ᠬᠦᠨᠵᠡᠬᠡᠶᠢᠷᠡᠵᠦ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠬᠦᠯᠵᠦ | ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠰᠤᠷᠤᠯᠴᠠᠯᠭ᠎ᠠ ᠶᠢᠨ ᠪᠠᠶᠢᠳᠠᠯ ᠤᠨ ᠲᠤᠬᠠᠢ | ᠪᠠᠶᠢᠴᠠᠭᠠᠨ ᠰᠤᠳᠤᠯᠤᠯᠲᠠ ᠬᠢᠪᠡ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠡᠯ᠎ᠡ ᠲᠣᠰᠬᠤᠨ ᠤ ᠨᠠᠮ ᠤᠨ | ᠭᠡᠰᠢᠭᠦᠨ ᠺᠠᠳ᠋ᠷ ᠠᠴᠠ ᠠᠵᠢᠯ ᠤᠨ ᠪᠣᠳᠠᠲᠤ ᠪᠠᠶᠢᠳᠠᠯ ᠪᠠ ᠰᠤᠷᠤᠯᠴᠠᠯᠭ᠎ᠠ ᠶᠢᠨ ᠪᠠᠶᠢᠳᠠᠯ ᠲᠠᠢ ᠪᠠᠨ ᠤᠶᠠᠯᠳᠤᠭᠤᠯᠤᠨ | ᠥᠪᠡᠷ ᠥᠪᠡᠷ ᠤᠨ ᠰᠤᠷᠤᠯᠴᠠᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠠᠢ᠃ ᠤᠯᠠᠨ ᠢᠶᠠᠷ ᠢᠶᠠᠨ᠂ | ᠣᠶᠢᠷ᠎ᠠ ᠶᠢᠨ ᠬᠡᠳᠦᠨ ᠵᠢᠯ ᠳᠤ ᠨᠠᠮ ᠤᠨ ᠤᠳᠤᠷᠢᠳᠤᠯᠭ᠎ᠠ ᠳᠠᠭᠠᠭᠤᠯᠭ᠎ᠠ ᠳᠣᠣᠷ᠎ᠠ ᠬᠦᠳᠡᠭᠡ ᠲᠣᠰᠬᠤᠨ ᠤ ᠳᠦᠷᠰᠦ | ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠣᠷᠣᠰᠢᠨ ᠰᠠᠭᠤᠷᠢᠰᠢᠬᠤ ᠣᠷᠴᠢᠨ | ᠨᠥᠬᠦᠴᠡᠯ ᠰᠠᠶᠢᠵᠢᠷᠠᠨ᠂ ᠠᠵᠤ ᠦᠢᠯᠡᠰ ᠤᠨ ᠪᠦᠲᠦᠴᠡ ᠰᠢᠯᠢᠳᠡᠭᠵᠢᠵᠦ᠂ ᠲᠣᠰᠬᠤᠨ ᠤ ᠠᠷᠠᠳ ᠤᠨ ᠮᠡᠳᠡᠯᠭᠡ | ᠴᠢᠳᠠᠪᠤᠷᠢ ᠨᠡᠮᠡᠭᠳᠡᠨ᠂ ᠺᠠᠳ᠋ᠷ ᠤᠨ ᠠᠵᠢᠯ ᠤᠨ ᠰᠤᠷᠲᠠᠯ ᠰᠠᠶᠢᠵᠢᠷᠠᠵᠤ᠂ ᠡᠯ᠎ᠡ ᠲᠦᠷᠦᠯ ᠤᠨ ᠠᠵᠢᠯ ᠦᠢᠯᠡᠰ ᠡᠮᠬᠢ | ᠵᠢᠷᠤᠮ ᠲᠠᠢ ᠪᠠᠷ ᠠᠬᠢᠵᠠᠢ᠂ ᠬᠡᠳᠦᠶᠢᠪᠡᠷ ᠪᠤᠰᠤᠳᠴᠢ ᠨᠥᠬᠦᠴᠡᠯ ᠤᠨ ᠲᠠᠯ᠎ᠠ ᠪᠠᠷ ᠵᠧᠵᠢᠶᠠᠩ ᠤᠨ ᠬᠢᠨ ᠲᠠᠢ ᠮᠠᠰᠢ | ᠶᠡᠭᠡ ᠵᠥᠷᠢᠶ᠎ᠡ ᠲᠠᠢ ᠪᠠᠶᠢᠭ᠎ᠠ ᠪᠣᠯᠪᠠᠴᠤ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ | ᠵᠢᠷᠭᠠᠯ ᠤᠨ ᠲᠥᠷᠥᠭᠳᠡᠯ ᠮᠥᠨ ᠯᠡ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ ᠬᠡᠵᠦ ᠦᠵᠡᠵᠡᠭᠡᠭᠰᠡᠨ ᠪᠠᠶᠢᠨ᠎ᠠ᠃ | ᠰᠦᠨ ᠯᠢ ᠪᠢᠨ ᠠᠴᠠ᠂ ᠤᠨᠤᠯ ᠤᠨ ᠰᠤᠷᠤᠯᠴᠠᠯᠭ᠎ᠠ ᠪᠠᠷ ᠰᠠᠭᠤᠷᠢ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ | ᠭᠤᠣᠯᠳᠠᠯᠭ᠎ᠠ ᠪᠤᠯᠭᠠᠨ᠂ ᠨᠠᠮ ᠤᠨ ᠭᠡᠰᠢᠬᠦᠳ ᠲᠠᠶᠢᠴᠢᠯᠠᠨ ᠳᠠᠭᠠᠭᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠰᠠᠨ ᠬᠥᠭᠵᠢᠯᠲᠡ ᠶᠢᠨ ᠵᠠᠮ ᠢ ᠡᠷᠢᠯᠬᠢᠯᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠨ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠠᠴᠠ ᠂ ᠡᠯ᠎ᠡ ᠲᠣᠰᠬᠤᠨ ᠤ ᠬᠢᠨ | ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ︽ᠬᠤᠶᠠᠷ ᠠᠭᠤᠯᠠ ᠶᠢᠨ ᠣᠶᠢᠯᠠᠭᠠᠭᠳᠠᠬᠤᠨ︾ ᠢ ᠦᠷᠭᠦᠯᠵᠢᠯᠡᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠂ | ᠪᠣᠳᠠᠲᠠᠢ ᠶᠢ ᠡᠷᠬᠢᠮᠯᠡᠨ ᠬᠦᠭᠵᠢᠯᠳᠡ ᠶᠢ ᠲᠦᠯᠦᠪᠯᠡᠵᠦ᠂ ᠬᠦᠳᠡᠭᠡ ᠲᠤᠰᠬᠤᠨ ᠤ ᠬᠥᠭᠵᠢᠯ ᠮᠠᠨᠳᠤᠯ ᠢ ᠠᠬᠢᠭᠤᠯᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |