10 ᠰᠠᠷ᠎ᠠ ᠶᠢᠨ 31 ᠤ ᠡᠳᠦᠷ᠂ ᠪᠤᠤᠴᠠᠩ ᠪᠠᠯᠭᠠᠰᠤ 2023 ᠣᠨ ᠤ ᠨᠠᠮᠤᠷ ᠡᠪᠦᠯ ᠤᠨ ᠤᠷᠴᠢᠨ | ᠲᠤᠭᠤᠷᠢᠨ ᠤ ᠴᠡᠪᠡᠷᠯᠡᠭᠡ ᠶᠢᠨ ᠠᠵᠢᠯ ᠢ ᠪᠠᠶᠢᠷᠢᠯᠠᠭᠤᠯᠬᠤ ᠬᠤᠷᠠᠯ ᠬᠢᠵᠦ᠂ ᠳᠡᠳ᠋ ᠪᠠᠯᠭᠠᠰᠤᠨ ᠳᠠᠷᠤᠭ᠎ᠠ ᠯᠢᠦ ᠴᠦᠨ | ᠵᠢᠶᠧ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠤᠰᠬᠤᠨ ᠤ ᠨᠢᠭᠡᠳᠦᠭᠡᠷ | ᠱᠦᠵᠢ᠂ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ ᠠᠴᠠ᠂ ᠡᠯ᠎ᠡ ᠲᠣᠰᠬᠤᠨ ᠤ ᠬᠢᠨ | ᠨᠠᠮᠤᠷ ᠡᠪᠦᠯ ᠤᠨ ᠴᠡᠪᠡᠷᠯᠡᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠲᠠᠢ ᠤᠶᠠᠯᠳᠤᠭᠤᠯᠤᠨ᠂ ᠭᠡᠷ ᠦᠷᠦᠭᠡ ᠰᠠᠶᠢᠬᠠᠨ ᠂ ᠬᠦᠷᠢᠶ᠎ᠡ ᠬᠠᠰᠢᠶ᠎ᠠ | ᠰᠠᠶᠢᠬᠠᠨ᠂ ᠠᠶᠢᠯ ᠬᠤᠳᠠ ᠰᠠᠶᠢᠬᠠᠨ᠂ ᠬᠡᠪ ᠰᠤᠷᠲᠠᠯ ᠰᠠᠶᠢᠬᠠᠨ᠂ ᠰᠡᠳᠬᠢᠯ ᠰᠠᠨᠠᠭ᠎ᠠ ᠰᠠᠶᠢᠬᠠᠨ ᠵᠡᠷᠭᠡ ︽ᠲᠠᠪᠤᠨ | ᠰᠠᠶᠢᠬᠠᠨ︾ ᠢ ᠬᠠᠮᠲᠤᠪᠠᠷ ᠪᠠᠶᠢᠭᠤᠯᠬᠤ ᠪᠠᠷ ᠭᠤᠣᠯ ᠰᠡᠳᠦᠪ ᠪᠣᠯᠭᠠᠵᠤ᠂ ︽ᠭᠤᠷᠪᠠ ᠶᠢ ᠴᠡᠪᠡᠷᠯᠡᠵᠦ ᠨᠢᠭᠡ ᠶᠢ | ᠰᠠᠶᠢᠵᠢᠷᠠᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠢᠯ ᠲᠣᠰᠬᠤᠨ ᠤ ᠳᠦᠷᠰᠦ ᠪᠠᠶᠢᠳᠠᠯ ᠢ | ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ᠃ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠤᠨ ᠤ ᠳᠦᠷᠢᠮ ᠢᠷᠭᠡᠳ ᠤᠨ ᠭᠡᠷ᠎ᠡ | ᠵᠡᠷᠭᠡ ᠬᠡᠯᠪᠡᠷᠢ ᠪᠠᠷ ᠳᠠᠮᠵᠢᠨ ᠲᠠᠷᠢᠶᠠᠴᠢᠨ ᠡᠷᠤᠭᠡ ᠶᠢ ᠤᠬᠠᠭᠤᠯᠤᠨ ᠵᠢᠯᠤᠭᠤᠳᠴᠤ ᠪᠠᠶᠢᠭᠠᠳ ︽ᠡᠭᠦᠳᠡᠨ ᠡᠮᠦᠨᠡᠬᠢ | ᠭᠤᠷᠪᠠᠨ ᠲᠠᠭᠠᠭᠠᠴᠢᠯᠠᠯᠳᠠ︾ ᠶᠢᠨ ᠠᠵᠢᠯ ᠢ ᠰᠠᠶᠢᠨ ᠬᠢᠯᠭᠡᠬᠦ ᠭᠡᠷᠡᠭᠳᠡᠢ ᠃ ᠭᠠᠷᠠᠭ ᠤᠨ ᠲᠠᠪᠤᠨ ᠤ ᠴᠡᠪᠡᠷᠯᠡᠭᠡ | ᠶᠢᠨ ᠠᠵᠢᠯᠯᠠᠭ᠎ᠠ ᠶᠢ ᠠᠰᠢᠭᠯᠠᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠪᠠᠯᠭᠠᠰᠤ ᠪᠠᠷ ᠢᠶᠠᠨ | ᠬᠥᠳᠡᠯᠦᠯᠴᠡᠬᠦ᠂ ᠬᠥᠮᠥᠨ ᠪᠦᠬᠦᠨ ᠬᠦᠳᠡᠯᠦᠯᠴᠡᠬᠦ᠂ ᠪᠦᠬᠦ ᠠᠷᠠᠳ ᠢᠶᠠᠷ ᠢᠶᠠᠨ ᠬᠥᠳᠡᠯᠦᠯᠴᠡᠬᠦ ᠰᠦᠷ ᠳᠠᠯᠠᠶᠢᠴᠠᠲᠠᠢ | ᠠᠭᠤᠷ ᠠᠮᠢᠰᠬᠤᠯ ᠢ ᠪᠤᠢ ᠪᠣᠯᠭᠠᠵᠤ᠂ ᠠᠶᠢᠯ ᠲᠣᠰᠬᠤᠨ ᠤ ᠳᠦᠷᠰᠦ ᠪᠠᠶᠢᠳᠠᠯ ᠢ ᠪᠠᠲᠤᠳᠬᠠᠨ ᠳᠡᠭᠡᠭᠰᠢᠯᠡᠭᠦᠯᠬᠦ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠠᠩ ᠳᠠᠳᠬᠠᠯ ᠤᠨ ᠦᠬᠡᠷᠡᠴᠢᠯᠡᠯᠳᠡ᠂ ︽ᠴᠡᠪᠡᠷ | ᠴᠡᠮᠴᠡᠭᠡᠷ ᠭᠡᠷ ᠪᠦᠯᠢ︾ ᠶᠢᠨ ᠰᠢᠯᠭᠠᠷᠠᠭᠤᠯᠤᠯᠳᠠ᠂ ᠬᠤᠪᠢ ᠬᠤᠷᠠᠮᠳᠤᠭᠤᠯᠬᠤ ᠴᠢᠯᠦᠬᠡᠳᠦ ᠳᠡᠯᠭᠡᠭᠦᠷ ᠵᠡᠷᠭᠡ ᠲᠠᠢ | ᠤᠶᠠᠯᠳᠤᠭᠤᠯᠤᠨ ᠣᠷᠴᠢᠨ ᠲᠣᠭᠤᠷᠢᠨ ᠤ ᠴᠡᠪᠡᠷᠯᠡᠭᠡ ᠴᠡᠭᠴᠡᠯᠡᠯᠲᠠ ᠶᠢ ᠶᠡᠬᠡᠪᠡᠷ ᠥᠷᠨᠢᠭᠦᠯᠵᠦ᠂ ᠰᠠᠶᠢᠨ ᠰᠠᠶᠢᠬᠠᠨ | ᠣᠯᠠᠨ ᠨᠡᠶᠢᠲᠡ ᠶᠢᠨ ᠣᠷᠴᠢᠨ ᠲᠣᠭᠤᠷᠢᠨ ᠪᠠ ᠡᠳᠦᠷ ᠲᠤᠲᠤᠮ ᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠤᠯᠭᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠳᠡᠭᠡᠷ᠎ᠡ᠂ ᠯᠢᠦ ᠴᠦᠨ ᠵᠢᠶᠧ ᠠᠴᠠ ︽ ᠪᠤᠤᠴᠠᠩ | ᠪᠠᠯᠭᠠᠰᠤᠨ ᠤ ᠠᠶᠢᠯ ᠲᠣᠰᠬᠤᠨ ᠤ ᠴᠡᠪᠡᠷᠯᠡᠭᠡ ᠶᠢᠨ ᠨᠠᠮᠤᠷ ᠡᠪᠦᠯ ᠤᠨ ᠳᠠᠶᠢᠯᠠᠯᠳᠤᠭᠠᠨ ᠤ ᠬᠡᠷᠡᠭᠵᠢᠭᠦᠯᠬᠦ ᠲᠦᠰᠦᠪ︾ | ᠲᠤ ᠲᠠᠶᠢᠯᠤᠮᠵᠢ ᠬᠢᠵᠦ᠂ ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮᠤᠷ | ᠡᠪᠦᠯ ᠤᠨ ᠴᠡᠪᠡᠷᠯᠡᠭᠡ ᠶᠢᠨ ᠠᠵᠢᠯᠯᠠᠭ᠎ᠠ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃ |