ᠨᠢᠭᠡ᠂ ᠲᠦᠰᠦᠪ ᠢ ᠲᠤᠭᠳᠠᠭᠠᠭᠰᠠᠨ ᠤ ᠵᠣᠷᠢᠯᠭ᠎ᠠ | ᠰᠠᠴᠤᠷᠠᠭ ᠤᠨ ᠠᠳᠡᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠠᠷᠭᠠᠴᠠᠵᠤ᠂ ᠨᠡᠶᠢᠬᠡᠮ ᠨᠡᠶᠢᠲᠡ ᠪᠠ | ᠠᠵᠢᠯ ᠡᠷᠬᠢᠯᠡᠭᠰᠡᠳ ᠤᠨ ᠠᠮᠤᠷ ᠲᠦᠪᠰᠢᠨ ᠬᠢᠭᠡᠳ ᠡᠷᠡᠭᠦᠯ ᠮᠡᠨᠳᠦ ᠶᠢ ᠪᠠᠳᠤᠯᠠᠨ᠂ ᠰᠠᠴᠤᠷᠠᠭ ᠤᠨ ᠣᠷᠴᠢᠨ | ᠲᠣᠭᠤᠷᠢᠨ ᠤ ᠠᠮᠤᠷ ᠲᠦᠪᠰᠢᠨ ᠢ ᠬᠠᠮᠠᠭᠠᠯᠠᠵᠤ᠂ ᠰᠠᠴᠤᠷᠠᠭ ᠤᠨ ᠠᠳᠡᠯ ᠭᠠᠷᠬᠤ ᠦᠶ᠎ᠡ ᠳᠤ ᠪᠠᠶᠢᠳᠠᠯ ᠢ | ᠣᠨᠣᠪᠴᠢᠲᠠᠶ ᠡᠵᠡᠮᠰᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠤᠭᠳᠠᠭᠠᠨ᠂ | ᠴᠢᠬᠤᠯᠠ ᠪᠦᠬᠦᠢ ᠵᠦᠢ ᠵᠣᠬᠢᠰᠲᠠᠢ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠦᠷᠨᠢᠬᠦᠯᠬᠦ ᠶᠢᠨ ᠲᠦᠯᠦᠭᠡ᠂ | ᠲᠣᠰ ᠪᠡᠯᠡᠳᠬᠡᠯ ᠲᠦᠰᠦᠪ ᠢ ᠤᠨᠴᠠᠭᠠᠶᠢᠯᠠᠨ ᠲᠣᠭᠲᠠᠭᠠᠪᠠ᠃ | ᠬᠤᠶᠠᠷ᠂ ᠲᠦᠰᠦᠪ ᠢ ᠨᠡᠶᠢᠲᠡᠯᠡᠭᠰᠡᠨ ᠠᠬᠤᠢ ᠪᠠᠶᠢᠳᠠᠯ ᠪᠠ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠮ᠎ᠡ ᠶᠢᠨ ᠠᠶᠤᠯᠭᠦᠢ ᠶᠢᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ | ᠰᠠᠴᠤᠷᠠᠭ ᠴᠢᠨᠠᠷᠳᠠᠢ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︽ᠰᠠᠴᠤᠷᠠᠭ | ᠴᠢᠨᠠᠷᠲᠠᠢ ᠡᠳ᠋ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︽ | ᠢᠶᠤᠨᠵᠢᠭᠰᠠᠨ ᠰᠠᠴᠤᠷᠠᠭ ᠠᠴᠠ ᠰᠡᠷᠭᠡᠶᠢᠯᠡᠬᠦ ᠪᠠ ᠰᠠᠴᠤᠷᠠᠭ ᠤᠨ ᠰᠤᠷᠪᠤᠯᠵᠢ ᠶᠢᠨ ᠠᠮᠤᠷ ᠲᠦᠪᠰᠢᠨ ᠤ | ᠦᠨᠳᠦᠰᠦᠨ ᠪᠠᠷᠢᠮᠵᠢᠶ᠎ᠠ︾ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠶᠡᠷᠦᠩᠬᠡᠢ ᠲᠦᠰᠦᠪ︾ ︽ᠤᠯᠤᠰ ᠤᠨ ᠣᠷᠴᠢᠨ ᠲᠤᠭᠤᠷᠢᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ︾ ︽ᠠᠮᠢ ᠠᠬᠤᠢ ᠣᠷᠴᠢᠨ ᠲᠤᠭᠤᠷᠢᠨ ᠤ ᠶᠠᠮᠤᠨ ︵ | ᠤᠯᠤᠰ ᠤᠨ ᠴᠥᠮ᠎ᠡ ᠶᠢᠨ ᠠᠶᠤᠯᠭᠦᠢ ᠶᠢᠨ ᠲᠣᠪᠴᠢᠶ᠎ᠠ︶ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠦᠰᠦᠪ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠤᠭᠤᠷᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ︾ ︽2022 ᠭᠡᠪᠯᠡᠯ︶ ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠲᠦᠰᠦᠪ︾ ︽ᠰᠢᠯᠢ ᠶᠢᠨ ᠭᠤᠣᠯ ᠠᠶᠢᠮᠠᠭ ᠤᠨ ᠣᠷᠴᠢᠨ ᠲᠤᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠲᠦᠰᠦᠪ︾ ︵2023 ᠭᠡᠪᠯᠡᠯ︶᠂ ︽ᠰᠢᠯᠢ ᠶᠢᠨ ᠭᠤᠣᠯ ᠠᠶᠢᠮᠠᠭ ᠤᠨ ᠰᠠᠴᠤᠷᠠᠭ ᠤᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ︾᠂ ︽ᠰᠠᠴᠤᠷᠠᠭ ᠤᠨ ᠣᠷᠴᠢᠨ ᠲᠣᠭᠤᠷᠢᠨ ᠢ ᠬᠢᠨᠠᠨ | ᠬᠡᠮᠵᠢᠬᠦ ᠮᠡᠷᠭᠡᠵᠢᠯ ᠤᠨ ᠲᠦᠷᠢᠮᠵᠢᠯ︾ HJ61 ︱ 2021᠂ ︽ ᠲᠠᠶᠢᠹᠤᠰᠧ ᠬᠤᠰᠢᠭᠤᠨ ᠤ ᠣᠷᠴᠢᠨ | ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ ︾᠂ ︽ᠰᠠᠴᠤᠷᠠᠭ ᠤᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ | ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠤᠨ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠬᠠᠤᠯᠢ ᠲᠦᠷᠢᠮ ᠪᠠ ᠪᠢᠴᠢᠭ ᠮᠠᠲ᠋ᠧᠷᠢᠶᠠᠯ ᠢ ᠦᠨᠳᠦᠰᠦᠯᠡᠨ | ᠲᠣᠰ ᠲᠦᠰᠦᠪ ᠢ ᠲᠣᠭᠲᠠᠭᠠᠪᠠ᠃ | ᠭᠤᠷᠪᠠ᠂ ᠰᠠᠨᠠᠯ ᠢ ᠬᠦᠯᠢᠶᠡᠨ ᠠᠪᠤᠭᠰᠠᠨ ᠪᠠᠶᠢᠳᠠᠯ | ︽ᠲᠠᠶᠢᠹᠤᠰᠧ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠪ ︵ᠰᠠᠨᠠᠯ | ᠬᠤᠷᠢᠶᠠᠬᠤ ᠨᠣᠣᠷᠠᠭ︶︾ ᠢ ᠲᠤᠭᠤᠷᠪᠢᠭᠰᠠᠨ ᠤ ᠳᠠᠷᠠᠭ᠎ᠠ᠂ 2023 ᠣᠨ ᠤ 7 ᠰᠠᠷ᠎ᠠ ᠳᠤ ᠡᠯ᠎ᠡ ᠪᠠᠶᠢᠭᠤᠯᠭ᠎ᠠ | ᠨᠢᠭᠡᠴᠡ ᠪᠠ ᠲᠤᠰᠬᠠᠢ ᠮᠡᠷᠭᠡᠵᠢᠯᠲᠡᠨ ᠠᠴᠠ ᠵᠠᠰᠠᠪᠤᠷᠢ ᠣᠷᠣᠭᠤᠯᠬᠤ ᠰᠠᠨᠠᠯ ᠬᠤᠷᠢᠶᠠᠪᠠ᠃ ᠡᠭᠦᠨ ᠳᠤ ᠂ | ᠲᠠᠶᠢᠹᠤᠰᠧ ᠬᠤᠰᠢᠭᠤᠨ ᠤ ᠤᠬᠠᠭᠤᠯᠬᠤ ᠬᠡᠯᠲᠡᠰ ᠠᠴᠠ 3 ᠵᠤᠷᠪᠤᠰ ᠵᠠᠰᠠᠪᠤᠷᠢ ᠣᠷᠣᠭᠤᠯᠬᠤ ᠰᠠᠨᠠᠯ ᠲᠤᠷᠠᠳᠴᠤ ᠂ | ᠬᠤᠶᠠᠷ ᠲᠤᠰᠬᠠᠢ ᠮᠡᠷᠭᠡᠵᠢᠯᠲᠡᠨ ᠠᠴᠠ 23 ᠵᠤᠷᠪᠤᠰ ᠵᠠᠰᠠᠪᠤᠷᠢ ᠣᠷᠣᠭᠤᠯᠬᠤ ᠰᠠᠨᠠᠯ ᠳᠤᠷᠠᠳᠤᠭᠰᠠᠨ ᠪᠠᠶᠢᠨ᠎ᠠ᠃ | ᠳᠥᠷᠪᠡ᠂ ᠬᠡᠷᠡᠭᠯᠡᠬᠦ ᠬᠡᠪᠴᠢᠶ᠎ᠡ | ᠲᠣᠰ ᠲᠦᠰᠦᠪ ᠢ ᠲᠠᠶᠢᠹᠤᠰᠧ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠲᠤᠳᠤᠷ᠎ᠠ ᠪᠤᠶᠤ ᠭᠠᠳᠠᠨ᠎ᠠ | ᠡᠬᠦᠰᠴᠦ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠠᠮᠤᠷ ᠲᠦᠪᠰᠢᠨ ᠳᠤ ᠠᠶᠤᠯ ᠤᠴᠠᠷᠠᠭᠤᠯᠬᠤ ᠪᠤᠯᠤᠮᠵᠢ | ᠲᠠᠢ ᠰᠠᠴᠤᠷᠠᠭ ᠤᠨ ᠠᠳᠡᠯ ᠳᠤ ᠭᠡᠷᠡᠭᠯᠡᠨ᠎ᠡ᠂ ᠲᠣᠰ ᠲᠦᠰᠦᠪ ᠢᠶᠠᠷ ᠯᠠᠪᠯᠠᠯᠲᠠ ᠪᠣᠯᠭᠠᠵᠤ᠂ ᠪᠦᠬᠦ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠪᠠ ᠪᠤᠰᠤᠳ ᠠᠵᠢᠯ ᠢ ᠰᠠᠶᠢᠲᠤᠷ ᠬᠢᠨ᠎ᠡ᠃ ᠰᠠᠴᠤᠷᠠᠭ ᠤᠨ | ᠡ᠊ᠨᠳᠡᠯ ᠳᠤ ᠭᠤᠣᠯᠳᠠᠭᠤ ᠲᠤᠤᠷᠠᠬᠢ ᠬᠡᠳᠦᠨ ᠲᠦᠷᠦᠯ ᠪᠠᠭᠳᠠᠨ᠎ᠠ᠄ | ︵1︶ ᠴᠥᠮ᠎ᠡ ᠶᠢᠨ ᠮᠡᠷᠭᠡᠵᠢᠯ ᠢ ᠠᠰᠢᠭᠯᠠᠬᠤ ᠶᠠᠪᠤᠴᠠ ᠳᠤ ᠡᠭᠦᠰᠦᠭᠰᠡᠨ ᠰᠠᠴᠤᠷᠠᠭ ᠤᠨ ᠡ᠊ᠨᠳᠡᠯ᠃ | ︵2︶ ᠰᠠᠴᠤᠷᠠᠭ ᠴᠢᠨᠠᠷᠲᠠᠢ ᠪᠣᠳᠠᠰ ᠢ ᠲᠡᠭᠡᠭᠡᠪᠦᠷᠢᠯᠡᠬᠦ ᠶᠠᠪᠤᠴᠠ ᠳᠤ ᠭᠠᠷᠤᠭᠰᠠᠨ ᠡ᠊ᠨᠳᠡᠯ᠃ | ︵3︶ ᠰᠠᠨᠰᠠᠷ ᠤᠨ ᠨᠢᠰᠦᠭᠦᠷ ᠤᠨᠠᠵᠤ ᠢᠷᠡᠭᠡᠳ ᠣᠷᠴᠢᠨ ᠲᠤᠭᠤᠷᠢᠨ ᠢ ᠪᠣᠬᠢᠷᠲᠤᠭᠤᠯᠤᠭᠰᠠᠨ ᠰᠠᠴᠤᠷᠠᠭ ᠤᠨ | ᠡ᠊ᠨᠳᠡᠯ᠃ | ︵4︶ ᠡᠯ᠎ᠡ ᠵᠦᠢᠯ ᠤᠨ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠡᠭᠦᠰᠦᠮᠡᠯ ᠴᠢᠨᠠᠷᠳᠠᠢ | ᠰᠠᠴᠤᠷᠠᠭ ᠤᠨ ᠡ᠊ᠨᠳᠡᠯ᠃ | ︵5︶ ᠮᠠᠨ ᠤ ᠬᠤᠰᠢᠭᠤᠨ ᠤ ᠣᠷᠴᠢᠨ ᠲᠣᠭᠤᠷᠢᠨ ᠳᠤ ᠰᠠᠴᠤᠷᠠᠭ ᠤᠨ ᠨᠥᠯᠥᠭᠡ ᠤᠴᠠᠷᠠᠭᠤᠯᠵᠤ ᠮᠡᠳᠡᠬᠦ | ᠬᠢᠯᠢ ᠶᠢᠨ ᠭᠠᠳᠠᠨᠠᠬᠢ ᠪᠠ ᠬᠤᠰᠢᠭᠤᠨ ᠤ ᠭᠠᠳᠠᠨᠠᠬᠢ ᠴᠥᠮ᠎ᠡ ᠶᠢᠨ ᠲᠤᠷᠰᠢᠯᠲᠠ᠂ ᠴᠥᠮ᠎ᠡ ᠶᠢᠨ ᠠᠳᠡᠯ ᠵᠢᠴᠢ | ᠰᠠᠴᠤᠷᠠᠭ ᠤᠨ ᠠᠳᠡᠯ᠃ | ᠲᠠᠪᠤ᠂ ᠭᠤᠣᠯ ᠠᠭᠤᠯᠭ᠎ᠠ | ᠲᠦᠰᠦᠪ ᠤᠨ ᠭᠤᠤᠯ ᠠᠭᠤᠯᠭ᠎ᠠ ᠳᠤ ᠶᠡᠷᠦᠩᠬᠡᠢ ᠳᠦᠷᠢᠮ᠂ ᠰᠠᠴᠤᠷᠠᠭ ᠤᠨ ᠠᠳᠡᠯ ᠢ ᠲᠠᠰ ᠬᠤᠪᠢᠶᠠᠬᠤ᠂ | ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠬᠦᠷᠭᠡᠬᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠢ | ᠴᠤᠤᠷᠢᠶᠠᠳᠤᠨ ᠲᠠᠭᠠᠬᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠲᠠᠭᠤᠰᠬᠤ᠂ ᠰᠡᠭᠦᠯᠴᠢ ᠶᠢᠨ ᠬᠤᠭᠤᠴᠠᠭᠠᠨ ᠤ | ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠳᠤᠯᠠᠭᠠᠨ ᠤ ᠠᠷᠭ᠎ᠠ ᠬᠡᠮᠵᠢᠶ᠎ᠡ᠂ ᠪᠠᠴᠢᠮ | ᠪᠠᠶᠢᠳᠠᠯ ᠢ ᠠᠷᠭᠠᠴᠠᠬᠤ ᠴᠢᠳᠠᠪᠤᠷᠢ ᠶᠢ ᠪᠠᠲᠤᠯᠠᠬᠤ᠂ ᠳᠠᠭᠠᠯᠳᠤᠭᠤᠯᠤᠭᠰᠠᠨ ᠳᠦᠷᠢᠮ ᠵᠡᠷᠭᠡ ᠪᠠᠭᠲᠠᠨ᠎ᠠ᠃ | 1᠂ ᠶᠡᠷᠦᠩᠬᠡᠢ ᠳᠦᠷᠢᠮ᠄ ᠲᠦᠰᠦᠪ ᠢ ᠲᠤᠭᠳᠠᠭᠠᠭᠰᠠᠨ ᠤ ᠵᠣᠷᠢᠯᠭ᠎ᠠ᠂ ᠦᠨᠳᠦᠰᠦᠯᠡᠯ᠂ ᠠᠵᠢᠯ ᠤᠨ ᠵᠠᠷᠴᠢᠮ᠂ | ᠬᠡᠷᠡᠭᠯᠡᠬᠦ ᠬᠡᠪᠴᠢᠶ᠎ᠡ ᠵᠡᠷᠭᠡ ᠠᠭᠤᠯᠭ᠎ᠠ ᠶᠢ ᠪᠠᠭᠲᠠᠭᠠᠨ᠎ᠠ᠃ | 2᠂ ᠰᠠᠴᠤᠷᠠᠭ ᠤᠨ ᠡ᠊ᠨᠳᠡᠯ ᠢ ᠲᠡᠰ ᠬᠤᠪᠢᠶᠠᠬᠤ ᠄ ᠰᠠᠴᠤᠷᠠᠭ ᠤᠨ ᠡ᠊ᠨᠳᠡᠯ ᠢ ᠲᠡᠰ ᠬᠤᠪᠢᠶᠠᠬᠤ᠂ ᠲᠡᠰ | ᠬᠤᠪᠢᠶᠠᠵᠤ ᠠᠷᠭᠠᠴᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃ | 3. ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ᠄ ᠪᠠᠴᠢᠮ ᠪᠠᠶᠢᠳᠠᠯ ᠢ ᠠᠷᠭᠠᠴᠠᠬᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠦᠲᠦᠴᠡ᠂ ᠭᠡᠰᠢᠬᠦᠨ ᠨᠢᠭᠡᠴᠡ ᠵᠢᠴᠢ ᠡᠬᠦᠷᠭᠡ ᠬᠠᠷᠢᠭᠤᠴᠠᠯᠭ᠎ᠠ ᠶᠢ | ᠲᠤᠳᠤᠷᠬᠠᠶᠢᠯᠠᠨ᠎ᠠ᠃ | 4. ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠬᠦᠷᠭᠡᠬᠦ᠄ ᠡᠭᠦᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ ᠪᠠ ᠰᠡᠷᠡᠮᠵᠢᠯᠡᠬᠦᠯᠦᠯ ᠤᠨ ᠳᠡᠰ ᠬᠤᠪᠢᠶᠠᠬᠤ᠂ ᠮᠡᠳᠡᠭᠡ ᠵᠠᠩᠭᠢ ᠬᠦᠷᠭᠡᠬᠦ᠂ ᠮᠡᠳᠡᠭᠡ ᠵᠠᠩᠭᠢ | ᠨᠡᠶᠢᠳᠡᠯᠡᠬᠦ ᠵᠡᠷᠭᠡ ᠠᠭᠤᠯᠭ᠎ᠠ ᠪᠠᠭᠲᠠᠨ᠎ᠠ᠃ | 5. ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠤᠤᠷᠢᠶᠠᠳᠤᠨ ᠳᠠᠭᠠᠬᠤ᠄ ᠲᠦᠷᠦᠬᠦᠴᠢ ᠬᠤᠭᠤᠴᠠᠭᠠᠨ ᠤ | ᠰᠢᠢᠳᠪᠦᠷᠢᠯᠡᠬᠦ ᠠᠵᠢᠯ᠂ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠠᠵᠢᠯ᠂ ᠪᠠᠴᠢᠮ ᠪᠠᠶᠢᠳᠠᠯ ᠢ ᠠᠷᠭᠠᠴᠠᠵᠤ | ᠬᠢᠨᠠᠨ ᠬᠡᠮᠵᠢᠬᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ᠂ ᠭᠠᠳᠠᠨ᠎ᠠ ᠶᠢᠨ ᠲᠤᠰᠠᠯᠠᠮᠵᠢ᠂ ᠠᠮᠤᠷ ᠲᠦᠪᠰᠢᠨ ᠤ | ᠰᠡᠷᠭᠡᠶᠢᠯᠡᠯᠲᠡ᠂ ᠮᠡᠳᠡᠭᠡ ᠵᠠᠩᠭᠢ ᠶᠢᠨ ᠨᠡᠶᠢᠳᠡᠯᠡᠯ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ᠂ ᠠᠮᠤᠷ | ᠲᠣᠭᠲᠠᠭᠤᠨ ᠢ ᠬᠠᠮᠠᠭᠠᠯᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃ | 6. ᠪᠠᠴᠢᠮ ᠪᠠᠶᠢᠳᠠᠯ ᠢ ᠠᠷᠭᠠᠴᠠᠬᠤ ᠠᠵᠢᠯ ᠲᠠᠭᠤᠰᠬᠤ᠄ ᠲᠠᠭᠤᠰᠬᠠᠬᠤ ᠨᠥᠬᠦᠴᠡᠯ ᠵᠢᠴᠢ ᠳᠠᠭᠤᠰᠬᠠᠬᠤ | ᠶᠠᠪᠤᠴᠠ ᠶᠢ ᠲᠤᠳᠤᠷᠬᠠᠶᠢᠯᠠᠨ᠎ᠠ᠃ | 7. ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠬᠦ ᠠᠵᠢᠯ᠄ ᠲᠦᠪᠬᠢᠨᠡᠬᠦᠯᠦᠨ ᠰᠢᠢᠳᠪᠦᠷᠢᠯᠡᠬᠦ᠂ ᠪᠠᠶᠢᠴᠠᠭᠠᠨ | ᠦᠨᠡᠯᠡᠬᠦ᠂ ᠳ᠋ᠦᠩᠨᠡᠨ ᠮᠡᠳᠡᠬᠦᠯᠬᠦ ᠵᠡᠷᠭᠡ ᠠᠭᠤᠯᠭ᠎ᠠ ᠶᠢ ᠪᠠᠭᠲᠠᠭᠠᠨ᠎ᠠ᠃ | 8. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠳᠤᠯᠠᠭᠠᠨ ᠤ ᠠᠷᠭ᠎ᠠ ᠬᠡᠮᠵᠢᠶ᠎ᠡ᠄ ᠪᠠᠴᠢᠮ ᠪᠠᠶᠢᠳᠠᠯ ᠢ | ᠠᠷᠭᠠᠴᠠᠬᠤ ᠡᠩᠨᠡᠭᠡᠨ ᠤ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ | ᠲᠤᠨᠤᠭ ᠲᠥᠬᠦᠭᠡᠷᠦᠮᠵᠢ ᠶᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ ᠬᠤᠯᠪᠤᠭᠠᠨ | ᠤ ᠪᠠᠲᠤᠯᠠᠭ᠎ᠠ ᠵᠡᠷᠭᠡ ᠠᠭᠤᠯᠭ᠎ᠠ ᠪᠠᠭᠲᠠᠨ᠎ᠠ᠃ | 9. ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠳᠤᠯᠠᠭ᠎ᠠ᠄ ᠡᠭᠦᠨ ᠳᠤ ᠤᠬᠠᠭᠤᠯᠭ᠎ᠠ ᠬᠥᠮᠦᠵᠢᠯ᠂ | ᠪᠣᠯᠪᠠᠰᠤᠷᠠᠯ ᠰᠣᠷᠢᠯᠲᠠ᠂ ᠵᠢᠵᠢᠬᠦᠷ ᠵᠢᠰᠢᠶ᠎ᠡ ᠵᠡᠷᠭᠡ ᠠᠭᠤᠯᠭ᠎ᠠ ᠪᠠᠭᠲᠠᠨ᠎ᠠ᠃ | 10. ᠳᠠᠭᠠᠯᠳᠤᠭᠤᠯᠤᠯ ᠲᠦᠷᠢᠮ᠄ ᠱᠠᠩᠨᠠᠵᠤ ᠵᠤᠷᠢᠬᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ᠂ ᠪᠡᠯᠡᠳᠬᠡᠯ | ᠲᠦᠰᠦᠪ ᠢ ᠲᠠᠶᠢᠯᠪᠤᠷᠢᠯᠠᠬᠤ ᠪᠠ ᠬᠡᠷᠡᠭᠵᠢᠭᠦᠯᠬᠦ᠂ ᠨᠡᠷ᠎ᠡ ᠲᠤᠮᠢᠶᠠᠨ ᠤ ᠲᠠᠶᠢᠯᠪᠤᠷᠢ ᠵᠡᠷᠭᠡ ᠠᠭᠤᠯᠭ᠎ᠠ ᠪᠠᠭᠲᠠᠨ᠎ᠠ᠃ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 11 ᠰᠠᠷ᠎ᠠ ᠶᠢᠨ 20 ᠤ ᠡᠳᠦᠷ |