11 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤᠨ ᠤ ᠭᠤᠷᠪᠠᠳᠤᠭᠠᠷ ᠪᠦᠯᠦᠭ ᠤᠨ ︽ᠴᠡᠷᠢᠭ ᠢᠶᠠᠨ | ᠬᠦᠷᠢᠶᠡᠯᠡᠵᠦ ᠴᠡᠷᠢᠭ ᠢᠶᠠᠨ ᠬᠠᠷᠠᠭᠠᠯᠵᠠᠬᠤ ᠬᠠᠮᠲᠤᠷᠠᠯᠴᠠᠭᠠᠨ ᠤ ᠨᠢᠭᠡᠴᠡ︾ ᠶᠢᠨ ᠭᠡᠷ᠎ᠡ ᠲᠣᠭᠲᠠᠬᠤ ᠶᠣᠰᠣᠯᠠᠯ | ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ ᠳᠤ ᠵᠢᠩᠬᠢᠨᠢ ᠪᠠᠷ | ᠶᠠᠪᠤᠭᠳᠠᠪᠠ᠃ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠨᠢ | ᠲᠠᠶᠢᠹᠤᠰᠧ ᠬᠤᠰᠢᠭᠤᠨ ᠤ ᠷᠧᠨ ᠾᠧ ᠲᠤᠮᠤ ᠡᠮ ᠤᠨ ᠳᠡᠯᠭᠡᠭᠦᠷ ᠲᠠᠢ ᠶᠠᠷᠢᠯᠴᠠᠨ ᠵᠦᠪᠳᠡᠯᠴᠡᠬᠦ ᠪᠠᠷ ᠲᠠᠮᠵᠢᠭᠠᠳ᠂ | ᠲᠤᠰ ᠡᠮ ᠤᠨ ᠲᠡᠯᠬᠡᠬᠦᠷ ᠤᠨ ᠬᠠᠷᠢᠶᠠᠨ ᠳᠠᠬᠢ 13 ᠰᠠᠯᠪᠤᠷᠢ ᠳᠡᠯᠭᠡᠭᠦᠷ ᠢ ᠴᠥᠮ ᠭᠤᠷᠪᠠᠳᠤᠭᠠᠷ ᠪᠦᠯᠦᠭ ᠤᠨ ︽ | ᠴᠡᠷᠢᠭ ᠢᠶᠠᠨ ᠬᠦᠷᠢᠶᠡᠯᠡᠵᠦ ᠴᠡᠷᠢᠭ ᠢᠶᠠᠨ ᠬᠠᠷᠠᠭᠠᠯᠵᠠᠬᠤ ᠬᠠᠮᠲᠤᠷᠠᠯᠴᠠᠭᠠᠨ ᠤ ᠨᠢᠭᠡᠴᠡ︾ ᠶᠢᠨ ᠡᠩᠨᠡᠭᠡᠨ ᠳᠤ | ᠣᠷᠣᠭᠤᠯᠵᠠᠢ᠃ ᠡᠶᠢᠨ ᠬᠦ᠋᠂ ᠣᠲᠣ ᠪᠣᠯᠲᠠᠯ᠎ᠠ ᠨᠡᠶᠢᠲᠡ 88 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠭᠡᠷ᠎ᠡ | ᠲᠤᠭᠳᠠᠭᠠᠳ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠭᠥᠷᠳᠡᠬᠦ ᠨᠢᠭᠤᠷᠯᠠᠯ ᠳᠤ ᠨᠠᠩ ᠢᠯᠡᠭᠦᠦ | ᠬᠠᠷᠠᠭᠠᠯᠵᠠᠯ ᠦᠵᠡᠬᠦᠯᠦᠨ᠂ ᠨᠠᠩ ᠲᠡᠬᠦᠯᠳᠡᠷ ᠦᠢᠯᠡᠴᠢᠯᠡᠭᠡ ᠬᠠᠩᠭᠠᠵᠤ᠂ ᠴᠡᠷᠢᠭ ᠠᠷᠠᠳ ᠤᠨ ᠵᠢᠭᠠᠰᠤ ᠤᠰᠤᠨ ᠤ | ᠬᠠᠷᠢᠴᠠᠭ᠎ᠠ ᠶᠢ ᠪᠠᠬᠢᠵᠢᠭᠦᠯᠬᠦ ᠳᠤ ᠨᠡᠶᠢᠭᠡᠮ ᠤᠨ ᠬᠦᠴᠦᠨ ᠢ ᠨᠢᠬᠳᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠲᠤᠰ ᠬᠤᠰᠢᠭᠤ ᠨᠢ ᠦᠷᠬᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ | ᠬᠠᠯᠠᠭᠳᠠᠭᠰᠠᠳ ᠤᠨ ᠠᠵᠢᠯ᠂ ︽ᠬᠤᠶᠠᠷ ᠢ ᠬᠦᠷᠢᠶᠡᠯᠡᠬᠦ︾ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠰᠠᠶᠢᠨ ᠬᠢᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ | ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠶᠡᠬᠡᠪᠡᠷ ᠠᠬᠢᠭᠤᠯᠵᠤ᠂ ︽ᠴᠡᠷᠢᠭ ᠨᠢ ᠠᠷᠠᠳ ᠢᠶᠠᠨ ᠬᠠᠶᠢᠷᠠᠯᠠᠬᠤ᠂ | ᠠᠷᠠᠳ ᠨᠢ ᠴᠡᠷᠢᠭ ᠢᠶᠠᠨ ᠬᠦᠷᠢᠶᠡᠯᠡᠬᠦ︾ ᠨᠡᠶᠢᠭᠡᠮ ᠤᠨ ᠠᠭᠤᠷ ᠠᠮᠢᠰᠬᠤᠯ ᠢ ᠦᠳᠭᠡᠷᠡᠬᠦᠯᠦᠨ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠳᠤᠯᠠᠭᠠᠨ ᠤ ᠦᠢᠯᠡᠰ ᠢ ᠴᠢᠨᠠᠭᠰᠢᠳᠠ ᠠᠬᠢᠭᠤᠯᠬᠤ ᠪᠠᠷ ᠪᠠᠶᠢᠨ᠎ᠠ᠃ |