11 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠪᠥᠬᠦ ᠠᠶᠢᠮᠠᠭ ᠤᠨ ᠠᠵᠢᠯᠲᠠᠨ ᠠᠵᠢᠯᠴᠢᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠲᠠᠶᠢᠹᠤᠰᠧ ᠬᠤᠰᠢᠭᠤᠨ | ᠳᠤ ᠶᠠᠪᠤᠭᠳᠠᠵᠤ᠂ ᠠᠶᠢᠮᠠᠭ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠡᠷᠭᠡ᠂ ᠠᠶᠢᠮᠠᠭ ᠤᠨ | ᠠᠵᠢᠯᠴᠢᠨ ᠤ ᠡᠪᠯᠡᠯ ᠤᠨ ᠪᠠᠲᠤᠯᠠᠭ᠎ᠠ ᠪᠠ ᠡᠮᠡᠭᠲᠡᠢ ᠠᠵᠢᠯᠲᠠᠨ ᠤ ᠬᠡᠯᠲᠡᠰ ᠤᠨ ᠲᠠᠷᠤᠭ᠎ᠠ ᠤᠨᠳᠤᠷᠬᠠᠨ᠂ ᠲᠠᠶᠢᠹᠤᠰᠧ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠪᠠᠭᠠᠲᠤᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ | ᠰᠢᠯᠢ ᠶᠢᠨ ᠬᠤᠳᠠ᠂ ᠪᠠᠷᠠᠭᠤᠨ ᠦᠵᠦᠮᠦᠴᠢᠨ ᠬᠤᠰᠢᠭᠤ ᠵᠡᠷᠭᠡ ᠲᠠᠪᠤᠨ ᠭᠠᠵᠠᠷ ᠣᠷᠣᠨ ᠤ ᠠᠵᠢᠯᠴᠢᠨ ᠤ ᠶᠡᠷᠦᠩᠬᠡᠢ | ᠡᠪᠯᠡᠯ ᠠᠴᠠ ᠲᠤᠰᠪᠤᠷᠢ ᠠᠵᠢᠯᠴᠢᠨ ᠤ ᠡᠪᠯᠡᠯ ᠤᠨ ᠠᠵᠢᠯ ᠤᠯᠭᠤᠯᠳᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ᠂ | ᠬᠦᠴᠢᠷᠳᠡᠯ ᠲᠠᠢ ᠠᠵᠢᠯᠲᠠᠨ ᠢ ᠬᠠᠪᠰᠤᠷᠤᠨ ᠲᠡᠳᠬᠦᠬᠦ ᠳᠦᠷᠢᠮ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ ᠰᠠᠨᠠᠯ ᠢᠶᠠᠨ ᠰᠤᠯᠢᠯᠴᠠᠵᠤ ᠶᠠᠷᠢᠶ᠎ᠠ ᠲᠠᠯᠪᠢᠭᠰᠠᠨ ᠪᠠᠶᠢᠨ᠎ᠠ᠃ ᠤᠨᠳᠤᠷᠬᠠᠨ ᠠᠴᠠ ᠪᠥᠬᠦ ᠣᠷᠣᠨ ᠤ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠵᠤ᠂ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠥᠷᠥ ᠶᠢᠨ ᠪᠣᠳᠣᠯᠭ᠎ᠠ ᠳᠤ | ᠲᠠᠶᠢᠯᠤᠮᠵᠢ ᠬᠢᠭᠰᠡᠨ ᠤ ᠬᠠᠮᠲᠤ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ | ᠠᠵᠢᠯ ᠤᠨ ᠲᠤᠭᠤᠷᠢᠨ ᠳᠤ ᠲᠤᠰᠬᠠᠢ ᠰᠡᠳᠦᠪᠳᠦ ᠬᠢᠴᠢᠶᠡᠯ ᠤᠷᠤᠵᠠᠢ᠃ ᠡᠷᠭᠡ ᠠᠴᠠ 2023 ᠣᠨ ᠤ ᠪᠠᠳᠤᠯᠠᠭᠠᠨ | ᠤ ᠠᠵᠢᠯ ᠳᠤ ᠲᠣᠬᠢᠷᠠᠭᠤᠯᠤᠯᠲᠠ ᠬᠢᠵᠦ ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠤᠰᠠᠨ | ᠪᠦᠭᠡᠳ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠬᠠᠪᠰᠤᠷᠤᠨ | ᠲᠤᠰᠠᠯᠠᠬᠤ ᠲᠣᠭᠲᠠᠴᠠ ᠶᠢ ᠤᠯᠠᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠩᠬᠠᠷᠤᠯ ᠳᠤ ᠤᠷᠤᠭᠠᠳᠤᠢ ᠬᠦᠮᠦᠰ ᠢ | ᠬᠠᠯᠠᠮᠵᠢᠯᠠᠨ ᠬᠠᠶᠢᠷᠠᠯᠠᠵᠤ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠰᠣᠶᠣᠯ ᠤᠨ ᠵᠥᠭᠡᠯᠡᠨ | ᠪᠣᠳᠠᠲᠤ ᠬᠦᠴᠦᠨ ᠢ ᠳᠡᠭᠡᠭᠰᠢᠯᠡᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠬᠠᠶᠢᠵᠦ᠂ ᠠᠵᠢᠯᠲᠠᠨ ᠠᠵᠢᠯᠴᠢᠨ ᠤ | ᠠᠵᠠ ᠵᠢᠷᠭᠠᠯ ᠤᠨ ᠲᠦᠷᠦᠭᠳᠡᠯ᠂ ᠤᠯᠤᠯᠳᠠ ᠬᠦᠷᠲᠡᠮᠵᠢ ᠶᠢᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ | ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠲᠠᠶᠢᠹᠤᠰᠧ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠭᠤᠷᠪᠠᠳᠤᠭᠠᠷ ᠪᠠᠭ᠎ᠠ ᠰᠤᠷᠭᠠᠭᠤᠯᠢ᠂ ᠳᠤᠮᠳᠠᠳᠤ ᠤᠯᠤᠰ ᠤᠨ | ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠠᠶᠢᠹᠤᠰᠧ ᠬᠤᠰᠢᠭᠤᠨ ᠤ ᠰᠠᠯᠪᠤᠷᠢ ᠪᠠᠩᠬᠢ ᠶᠢᠨ ᠬᠥᠳᠡᠯᠮᠦᠷᠢᠴᠢᠳ | ᠲᠤ ᠦᠢᠯᠡᠴᠢᠯᠡᠬᠦ ᠥᠷᠲᠡᠭᠡ᠂ ᠥᠪᠥᠷ ᠮᠣᠩᠭᠤᠯ ᠤᠨ ᠺᠧ ᠲᠠᠢ ᠯᠦᠩ ᠳ᠋ᠡ ᠣᠷᠴᠢᠨ ᠠᠬᠤᠢ ᠶᠢᠨ | ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ᠂ ᠪᠠᠢ ᠬᠤᠶ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ | ᠲᠤᠬᠠᠢ ᠶᠢᠨ ᠭᠠᠵᠠᠷ ᠲᠤᠨᠢ ᠲᠣᠭᠤᠷᠢᠨ ᠰᠤᠷᠤᠯᠴᠠᠭᠰᠠᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢᠶᠠᠷ | ᠲᠠᠮᠵᠢᠭᠠᠳ᠂ ᠪᠥᠬᠦ ᠠᠶᠢᠮᠠᠭ ᠤᠨ ᠠᠵᠢᠯᠴᠢᠨ ᠤ ᠡᠪᠯᠡᠯ ᠤᠨ ᠬᠦᠴᠢᠷᠳᠡᠯ ᠲᠠᠢ ᠠᠵᠢᠯᠲᠠᠨ ᠠᠵᠢᠯᠴᠢᠨ ᠢ ᠬᠠᠪᠰᠤᠷᠤᠨ | ᠲᠡᠳᠬᠦᠬᠦ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ 2024 ᠣᠨ ᠤ | ᠠᠵᠢᠯᠴᠢᠨ ᠤ ᠡᠪᠯᠡᠯ ᠤᠨ ᠠᠵᠢᠯ ᠤᠨ ᠭᠤᠣᠯᠳᠠᠯᠭ᠎ᠠ ᠶᠢ ᠲᠤᠭᠳᠠᠭᠠᠨ᠂ ᠡᠯ᠎ᠡ ᠭᠠᠵᠠᠷ ᠤᠨ ᠠᠵᠢᠯᠴᠢᠨ ᠤ ᠡᠪᠯᠡᠯ ᠤᠨ | ᠬᠠᠪᠰᠤᠷᠤᠨ ᠲᠡᠳᠬᠦᠬᠦ ᠲᠣᠭᠲᠠᠴᠠ ᠶᠢᠨ ᠪᠦᠷᠢᠨᠰᠢᠨ ᠲᠡᠭᠦᠯᠳᠡᠷᠵᠢᠬᠦ ᠶᠢ ᠠᠬᠢᠭᠤᠯᠵᠤ᠂ ᠠᠵᠢᠯᠲᠠᠨ ᠠᠵᠢᠯᠴᠢᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯ ᠤᠨ ᠴᠢᠨᠠᠭᠰᠢᠳᠠ ᠬᠥᠭᠵᠢᠬᠦ ᠶᠢ ᠠᠬᠢᠭᠤᠯᠵᠠᠢ᠃ |