ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠤᠨ ᠲᠦᠷᠦ ᠶᠢᠨ ᠪᠣᠳᠣᠯᠭ᠎ᠠ
ᠨᠡᠶᠢᠲᠡᠯᠡᠭᠰᠡᠨ ᠴᠠᠭ᠄
2023/11/20
 1 . ᠳᠠᠭᠠᠳᠬᠠᠯ ᠳᠤ ᠣᠷᠣᠯᠴᠠᠬᠤ ᠭᠤᠣᠯ ᠴᠣᠭᠴᠠ᠃      ᠳᠠᠭᠠᠳᠬᠠᠯ ᠳᠤ ᠣᠷᠣᠯᠴᠠᠬᠤ ᠭᠤᠣᠯ ᠴᠣᠭᠴᠠ ᠳᠤ ᠪᠥᠬᠦ ᠬᠤᠰᠢᠭᠤᠨ ᠤ ᠶᠠᠳᠠᠭᠤ   ᠠᠴᠠ ᠠᠩᠭᠢᠵᠢᠷᠠᠭᠰᠠᠨ ᠬᠥᠮᠥᠨ ᠠᠮᠠ ︵ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠳᠡᠵᠦ ᠪᠠᠶᠢᠭ᠎ᠠ ᠬᠥᠮᠥᠨ ᠠᠮᠠ︶ ᠪᠣᠯᠣᠨ ᠶᠠᠳᠠᠭᠤᠷᠠᠯ ᠤᠨ ᠲᠦᠭᠰᠢᠭᠦᠷᠢ ᠶᠢᠨ ᠬᠢᠨᠠᠯᠳᠠ ᠠᠴᠠ ᠭᠠᠷᠤᠭᠠᠳᠤᠢ ᠬᠥᠮᠥᠨ ᠠᠮᠠ ᠵᠢᠴᠢ ᠶᠠᠳᠠᠭᠤᠷᠠᠯ ᠠᠴᠠ ᠰᠡᠷᠭᠡᠶᠢᠯᠡᠬᠦ ᠳᠠᠭᠠᠳᠬᠠᠯ ᠳᠤ ᠣᠷᠣᠯᠴᠠᠬᠤ ᠰᠠᠨᠠᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠪᠤᠰᠤᠳ ᠬᠥᠮᠥᠨ ᠠᠮᠠ ᠪᠠᠭᠳᠠᠨ᠎ᠠ᠂  ᠲᠠᠭᠠᠳᠬᠠᠯ ᠳᠤ ᠤᠷᠤᠬᠤ ᠳᠤ ᠭᠡᠷ ᠪᠦᠯᠢ ᠪᠠᠷ ᠨᠢᠭᠡᠴᠢ ᠪᠤᠯᠭᠠᠨ᠎ᠠ᠃    2 . ᠳᠠᠭᠠᠳᠬᠠᠯ ᠤᠨ ᠬᠠᠷᠠᠯᠲᠠ᠃    ᠪᠠᠶᠢᠭᠠᠯᠢ ᠶᠢᠨ ᠭᠠᠮᠰᠢᠭ᠂ ᠡᠪᠡᠳᠴᠢᠨ ᠡᠮᠭᠡᠭ᠂ ᠠᠵᠤ ᠦᠢᠯᠡᠰ ᠤᠨ ᠢᠯᠠᠭᠳᠠᠯ᠂ ᠰᠠᠨᠠᠭᠠᠨ ᠳᠤ ᠦᠭᠡᠢ ᠠᠳᠡᠯ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠭᠡᠷ ᠪᠦᠯᠢ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠳᠣᠣᠷ᠎ᠠ ᠪᠣᠯᠤᠭᠰᠠᠨ ︵2023 ᠣᠨ ᠤ ᠤᠷᠤᠯᠭ᠎ᠠ ᠨᠢ 9820.5 ᠲᠥᠭᠦᠷᠢᠭ ᠪᠠᠶᠢᠵᠤ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19641 ᠲᠥᠭᠦᠷᠢᠭ ᠤᠨ ᠬᠠᠭᠠᠰ ᠪᠠᠶᠢᠭ᠎ᠠ︶ ᠪᠤᠯ᠂  ᠵᠥᠷᠢᠶ᠎ᠡ ᠨᠥᠬᠦᠪᠦᠷᠢᠯᠡᠬᠦ ᠲᠥᠯᠥᠪᠦᠷᠢ ᠪᠤᠶᠤ ᠨᠡᠮᠡᠯᠲᠡ ᠲᠥᠯᠥᠪᠦᠷᠢ ᠤᠯᠭᠤᠨ᠎ᠠ᠃     3. ᠳᠠᠭᠠᠳᠬᠠᠯ ᠤᠨ ᠰᠦᠢᠳᠭᠡᠯ᠃    ᠠᠶᠢᠯ ᠡᠷᠦᠬᠡ ᠪᠠᠷ ᠨᠢᠬᠡᠴᠢᠯᠡᠵᠦ ᠰᠦᠢᠳᠬᠡᠯ ᠲᠤᠰᠢᠶᠠᠨ᠎ᠠ᠂  2023 ᠣᠨ ᠳᠤ ᠬᠥᠮᠥᠨ ᠪᠦᠷᠢ ᠶᠢᠨ ᠲᠤᠰᠢᠶᠠᠬᠤ ᠰᠦᠢᠳᠭᠡᠯ ᠤᠨ ᠪᠠᠷᠢᠮᠵᠢᠶ᠎ᠠ ᠨᠢ 60 ᠲᠥᠭᠦᠷᠢᠭ  ᠂ ᠶᠠᠳᠠᠭᠤ   ᠠᠴᠠ ᠠᠩᠭᠢᠵᠢᠷᠠᠭᠰᠠᠨ ᠡᠷᠦᠬᠡ ᠪᠠ ᠲᠦᠭᠰᠢᠭᠦᠷᠢ ᠶᠢᠨ  ᠬᠢᠨᠠᠯᠳᠠ ᠠᠴᠠ ᠭᠠᠷᠤᠭᠠᠳᠤᠢ ᠬᠥᠮᠥᠨ ᠠᠮᠠ ᠪᠤᠯ ᠲᠤᠰᠢᠶᠠᠬᠤ ᠰᠦᠢᠳᠬᠡᠯ ᠤᠨ 90% ᠶᠢ ᠵᠠᠰᠠᠭ ᠤᠨ ᠣᠷᠳᠣᠨ   ᠠᠴᠠ ᠡᠭᠦᠷᠭᠡᠯᠡᠵᠦ᠂ 10 % ︵ᠬᠥᠮᠥᠨ ᠪᠦᠷᠢ 6 ᠲᠥᠭᠦᠷᠢᠭ︶ ᠶᠢ ᠬᠤᠪᠢ ᠬᠦᠮᠦᠨ ᠦᠪᠡᠷᠳᠡᠭᠡᠨ  ᠭᠠᠷᠭᠠᠨ᠎ᠠ᠃  ᠪᠤᠰᠤᠳ ᠮᠠᠯᠴᠢᠨ ᠲᠠᠷᠢᠶᠠᠴᠢᠨ ᠡᠷᠦᠬᠡ ᠶᠢᠨ ᠳᠠᠭᠠᠳᠬᠠᠯ ᠤᠨ ᠰᠦᠢᠳᠬᠡᠯ ᠢ ᠵᠠᠰᠠᠭ ᠤᠨ ᠣᠷᠳᠣᠨ ᠠᠴᠠ 80 % ᠶᠢ ᠡᠭᠦᠷᠭᠡᠯᠡᠵᠦ᠂ ᠬᠤᠪᠢ ᠬᠥᠮᠥᠨ 20 % ︵ᠬᠥᠮᠥᠨ ᠪᠦᠷᠢ 12 ᠲᠥᠭᠦᠷᠢᠭ︶   ᠶᠢ ᠭᠠᠷᠭᠠᠨ᠎ᠠ᠃     4 . ᠲᠦᠯᠦᠪᠦᠷᠢ ᠤᠯᠭᠤᠬᠤ ᠠᠯᠬᠤᠮ᠃     ᠲᠠᠭᠠᠳᠬᠠᠯ ᠳᠤ ᠤᠷᠤᠯᠴᠠᠭᠰᠠᠨ ᠭᠤᠣᠯ ᠴᠣᠭᠴᠠ ᠨᠢ ᠪᠠᠶᠢᠭᠠᠯᠢ ᠶᠢᠨ ᠭᠠᠮᠰᠢᠭ᠂ ᠡᠪᠡᠳᠴᠢᠨ ᠡᠮᠭᠡᠭ᠂ ᠠᠵᠤ ᠦᠢᠯᠡᠰ ᠤᠨ ᠢᠯᠠᠭᠳᠠᠯ᠂ ᠰᠠᠨᠠᠭᠠᠨ ᠳᠤ ᠦᠭᠡᠢ ᠡ᠊ᠨᠳᠡᠯ ᠵᠡᠷᠭᠡ ᠪᠤᠰᠤᠳᠴᠢ ᠰᠢᠯᠲᠠᠭᠠᠨ ᠠᠴᠠ ᠪᠤᠯᠤᠭᠠᠳ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠳᠣᠣᠷ᠎ᠠ ᠪᠣᠯᠵᠤ ᠲᠦᠯᠦᠪᠦᠷᠢ ᠤᠯᠭᠤᠬᠤ ᠨᠥᠬᠦᠴᠡᠯ ᠲᠤ ᠨᠡᠶᠢᠴᠡᠭᠰᠡᠨ ᠪᠤᠯ᠂  ᠭᠠᠴᠠᠭ᠎ᠠ ᠲᠣᠰᠬᠤᠨ ᠤᠨ ᠠᠷᠠᠳ ᠤᠨ ᠵᠥᠪᠯᠡᠯ ᠢᠶᠠᠷ ᠲᠠᠮᠵᠢᠨ  ᠲᠠᠭᠠᠳᠬᠠᠯ ᠤᠨ ᠪᠠᠶᠢᠭᠤᠯᠤᠮᠵᠢ   ᠳᠤ ᠲᠦᠯᠦᠪᠦᠷᠢ ᠠᠪᠬᠤ ᠡᠷᠡᠮᠡᠯᠵᠡᠯ ᠭᠠᠷᠭᠠᠨ᠎ᠠ᠃     5. ᠲᠥᠯᠥᠪᠦᠷᠢ ᠤᠯᠭᠤᠬᠤ ᠪᠠᠷᠢᠮᠵᠢᠶ᠎ᠠ᠃    ᠡᠷᠡᠮᠡᠯᠵᠡᠯᠡᠨ ᠮᠡᠳᠡᠬᠦᠯᠵᠦ᠂ ᠬᠠᠷᠭᠤᠭᠤᠯᠤᠨ ᠪᠠᠶᠢᠴᠠᠭᠠᠬᠤ ᠪᠠᠷ ᠲᠠᠮᠵᠢᠭᠠᠳ᠂ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠦᠨᠡᠨᠬᠦ ᠳᠣᠣᠷ᠎ᠠ ᠪᠠᠶᠢᠪᠠᠯ ᠤᠷᠤᠯᠭ᠎ᠠ ᠶᠢᠨ ᠵᠥᠷᠢᠶ᠎ᠡ ᠪᠠᠷ ᠨᠢ ᠨᠦᠬᠦᠪᠦᠷᠢᠯᠡᠬᠦ ᠲᠦᠯᠦᠪᠦᠷᠢ ᠤᠯᠭᠤᠨ᠎ᠠ ᠃  ᠨᠦᠬᠦᠪᠦᠷᠢᠯᠡᠬᠦ ᠲᠥᠯᠥᠪᠦᠷᠢ ᠤᠯᠭᠤᠭᠰᠠᠨ ᠤ ᠳᠠᠷᠠᠭ᠎ᠠ ᠠᠯᠪᠠᠳᠠᠯᠭ᠎ᠠ ᠶᠢᠨ ᠴᠢᠨᠠᠷᠲᠠᠢ ᠵᠠᠷᠤᠯᠭ᠎ᠠ ᠶᠢᠨ ᠲᠤᠭ᠎ᠠ ᠬᠡᠮᠵᠢᠶ᠎ᠡ ᠨᠢ ᠮᠥᠨ ᠬᠦ ᠨᠡᠯᠢᠶᠡᠳ ᠶᠡᠭᠡ ᠪᠠᠶᠢᠪᠠᠯ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠶᠡᠷᠦᠩᠬᠡᠶᠢᠯᠡᠨ ᠪᠣᠳᠣᠯᠬᠢᠯᠠᠵᠤ᠂ ᠨᠡᠮᠡᠯᠲᠡ ᠲᠥᠯᠥᠪᠦᠷᠢ ᠶᠢ ᠤᠯᠭᠤᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号