ᠴᠢᠶᠠᠨ ᠶᠢᠨ ᠭᠧᠦ ᠪᠠᠯᠭᠠᠰᠤᠨ ᠤ ᠬᠢᠨ ᠴᠠᠩᠫᠢᠩ ᠲᠣᠭᠤᠷᠢᠭ ᠲᠤ ᠬᠦᠷᠴᠦ ᠬᠠᠪᠰᠤᠷᠤᠨ ᠲᠡᠳᠬᠦᠬᠦ ᠠᠵᠢᠯ  ᠢᠶᠠᠨ ᠵᠣᠯᠭᠠᠭᠤᠯᠪᠠ
ᠨᠡᠶᠢᠲᠡᠯᠡᠭᠰᠡᠨ ᠴᠠᠭ᠄
2023/11/20
  11 ᠰᠠᠷ᠎ᠠ ᠶᠢᠨ 16 ᠠᠴᠠ 17  ᠤ ᠡᠳᠦᠷ ᠪᠣᠯᠲᠠᠯ᠎ᠠ᠂ ᠴᠢᠶᠠᠨ ᠶᠢᠨ ᠭᠧᠦ  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠵᠡᠷᠭᠡ ᠬᠦᠮᠦᠰ ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠰᠢᠩ ᠱᠧᠦ ᠪᠠᠯᠭᠠᠰᠤ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠶᠠᠨ ᠵᠤᠯᠭᠠᠭᠤᠯᠤᠨ᠂ ᠰᠢᠩ ᠱᠧᠦ ᠪᠠᠯᠭᠠᠰᠤᠨ ᠤ ᠬᠢᠨ ᠲᠠᠢ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠰᠢᠩ ᠱᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠸᠧᠢ ᠳ᠋ᠦᠩ ᠠᠴᠠ ᠠᠮᠢ ᠠᠬᠤᠢ ᠶᠢᠨ ᠲᠠᠷᠢᠶᠠᠯᠠᠩ᠂ ᠠᠮᠢ ᠠᠬᠤᠢ ᠶᠢᠨ ᠠᠵᠤ ᠦᠢᠯᠡᠳᠪᠦᠷᠢ᠂ ᠠᠮᠢ ᠠᠬᠤᠢ ᠶᠢᠨ ᠦᠢᠯᠡᠴᠢᠯᠡᠭᠡᠨ ᠤ ᠦᠢᠯᠡᠰ  ᠵᠡᠷᠭᠡ ᠭᠤᠣᠯᠳᠠᠯᠭ᠎ᠠ ᠲᠠᠢ ᠠᠵᠢᠯ  ᠤᠨ ᠪᠠᠶᠢᠳᠠᠯ ᠢᠶᠠᠨ   ᠲᠠᠨᠢᠯᠴᠠᠭᠤᠯᠤᠭᠰᠠᠨ ᠪᠦᠭᠡᠳ ᠬᠠᠷᠢᠯᠴᠠᠭ᠎ᠠ ᠪᠠᠨ ᠬᠦᠨᠵᠡᠬᠡᠶᠢᠷᠡᠬᠦᠯᠵᠦ ᠬᠠᠮᠵᠢᠯᠴᠠᠭ᠎ᠠ ᠪᠠᠨ ᠦᠷᠭᠡᠳᠭᠡᠨ᠂ ᠬᠥᠳᠡᠭᠡ ᠠᠵᠤ ᠠᠬᠤᠢ᠂ ᠵᠢᠭᠤᠯᠴᠢᠯᠠᠯ ᠤᠨ ᠦᠢᠯᠡᠰ ᠵᠡᠷᠭᠡ  ᠬᠦᠷᠢᠶ᠎ᠡ ᠴᠠᠷᠠᠭᠠᠨ ᠳᠠᠬᠢ  ᠬᠠᠮᠳᠤᠷᠠᠯᠴᠠᠭᠠᠨ ᠤ ᠵᠠᠮ ᠢ ᠬᠠᠶᠢᠵᠤ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠦᠨᠵᠡᠬᠡᠶᠢᠷᠡᠵᠦ ᠪᠣᠳᠠᠲᠠᠶᠢᠵᠢᠬᠤ ᠶᠢ ᠬᠠᠮᠲᠤᠪᠠᠷ  ᠠᠬᠢᠭᠤᠯᠤᠨ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠨ᠎ᠠ ᠭᠡᠵᠦ  ᠢᠯᠡᠷᠭᠡᠶᠢᠯᠡᠭᠰᠡᠨ ᠪᠠᠶᠢᠨ᠎ᠠ᠃ ᠭᠤᠣ ᠶᠢᠩ ᠵᠦᠸᠧ ᠠᠴᠠ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ   ᠶᠢ ᠲᠥᠯᠥᠭᠡᠯᠡᠨ ᠰᠢᠩ ᠱᠧᠦ ᠪᠠᠯᠭᠠᠰᠤᠨ ᠤ ᠬᠦᠴᠦᠲᠡᠢ ᠳᠡᠮᠵᠢᠯᠭᠡ ᠳᠤ ᠴᠢᠩ ᠰᠡᠳᠬᠢᠯ ᠤᠨ ᠲᠠᠯᠷᠠᠬᠠᠯ ᠢᠯᠡᠳᠭᠡᠭᠰᠡᠨ ᠪᠦᠭᠡᠳ  ᠬᠥᠮᠥᠨ ᠠᠮᠠ᠂ ᠣᠷᠴᠢᠨ ᠲᠣᠭᠤᠷᠢᠨ᠂ ᠭᠠᠵᠠᠷ ᠵᠦᠢ ᠶᠢᠨ ᠪᠠᠶᠢᠷᠢᠰᠢᠯ᠂ ᠠᠵᠤ ᠦᠢᠯᠡᠰ ᠤᠨ ᠬᠥᠭᠵᠢᠯᠲᠡ ᠵᠢᠴᠢ ᠣᠳᠣᠬᠠᠨ ᠤ ᠠᠵᠢᠯ   ᠤᠨ ᠲᠠᠯ᠎ᠠ  ᠪᠠᠷ ᠨᠠᠷᠢᠨ ᠲᠠᠨᠢᠯᠴᠠᠭᠤᠯᠵᠠᠢ᠃ ᠬᠤᠷᠠᠯ ᠤᠨ ᠲᠠᠷᠠᠭ᠎ᠠ᠂  ᠬᠤᠶᠠᠷ ᠭᠠᠵᠠᠷ ᠤᠨ ᠤᠳᠤᠷᠢᠳᠤᠯᠭ᠎ᠠ ᠨᠠᠷ ᠶᠢᠨ ᠬᠤᠢ ᠨᠦᠩ ᠲᠠᠷᠢᠶᠠᠯᠠᠩ ᠤᠨ ᠲᠤᠰᠬᠠᠢ ᠬᠤᠷᠰᠢᠶ᠎ᠠ ᠳᠤ ᠬᠦᠷᠴᠦ  ᠂ ᠬᠤᠷᠰᠢᠶᠠᠨ ᠤ ᠬᠠᠷᠢᠭᠤᠴᠠᠯᠭᠠᠲᠠᠨ ᠲᠠᠢ ᠬᠦᠯᠡᠮᠵᠢ ᠳᠤ ᠨᠤᠭᠤᠭ᠎ᠠ ᠵᠢᠮᠢᠰ ᠲᠠᠷᠢᠬᠤ᠂ ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ  ᠦᠷᠨᠢᠬᠦᠯᠪᠡ᠃ ᠰᠢᠨ ᠵᠤᠸᠠᠩ ᠲᠣᠰᠬᠤᠨ ᠳᠤ ᠬᠦᠷᠦᠭᠰᠡᠨ ᠤ ᠲᠠᠷᠠᠭ᠎ᠠ  ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ︽ᠵᠠᠭᠤᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠮᠢᠩᠭᠠᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠢᠨᠵᠧᠨᠧᠷᠢᠩ ᠤᠨ ᠪᠠᠶᠢᠳᠠᠯ ᠢ ᠨᠠᠷᠢᠨ ᠣᠶᠢᠯᠠᠭᠠᠵᠤ᠂  ᠦᠨᠳᠦᠰᠦᠨ ᠱᠠᠲᠤᠨ ᠤ ᠵᠠᠰᠠᠯᠲᠠ  ᠂ ᠭᠡᠪᠴᠢᠶᠡᠵᠢᠭᠰᠡᠨ ᠡᠵᠡᠩᠨᠡᠯᠳᠡ  ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠡᠷᠢᠭᠦᠨ ᠤ ᠠᠷᠭ᠎ᠠ ᠲᠤᠷᠰᠢᠯᠭ᠎ᠠ   ᠶᠢ ᠨᠠᠷᠢᠨ ᠤᠶᠢᠯᠠᠭᠠᠵᠠᠢ᠃      ᠣᠶᠢᠷ᠎ᠠ ᠶᠢᠨ ᠵᠢᠯ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠰᠤᠷᠠᠯᠳᠡ ᠦᠭᠡᠢ ᠭᠦᠨᠵᠡᠭᠡᠶᠢᠷᠡᠬᠦ ᠶᠢ ᠲᠠᠭᠠᠯᠳᠤᠭᠠᠳ᠂ ᠴᠢᠶᠠᠨ ᠶᠢᠨ ᠭᠧᠦ ᠪᠠᠯᠭᠠᠰᠤ ᠪᠣᠯᠣᠨ ᠴᠠᠩᠫᠢᠩ ᠲᠣᠭᠤᠷᠢᠭ ᠤᠨ ᠰᠢᠩ ᠱᠧᠦ ᠪᠠᠯᠭᠠᠰᠤᠨ ᠤ   ᠬᠢᠨ ᠮᠢᠩᠭᠠᠨ ᠭᠠᠵᠠᠷ ᠤᠨ ᠵᠠᠶᠢᠳᠠᠢ ᠪᠠᠶᠢᠭ᠎ᠠ ᠴᠤ ᠰᠡᠳᠬᠢᠯ ᠵᠢᠷᠦᠬᠡ ᠪᠠᠨ ᠬᠤᠯᠪᠤᠭᠰᠠᠨ ᠶᠤᠮ᠃ 2018 ᠣᠨ ᠳᠤ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂  ᠰᠢᠩ ᠱᠸᠦ ᠪᠠᠯᠭᠠᠰᠤ ᠨᠢ ᠴᠢᠶᠠᠨ ᠶᠢᠨ ᠭᠧᠦ ᠪᠠᠯᠭᠠᠰᠤ ᠳᠤ ᠨᠡᠶᠢᠳᠡ 196 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠬᠠᠩᠭᠠᠵᠤ᠂ ᠭᠤᠤᠯᠳᠠᠭᠤ ᠬᠠᠮᠲᠤ ᠶᠢᠨ ᠠᠵᠤ ᠠᠬᠤᠢ ᠶᠢᠨ ᠬᠦᠭᠵᠢᠯᠳᠡ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠡᠷᠡᠭᠯᠡᠵᠡᠢ᠃    ᠡᠨᠡ  ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ ᠪᠠᠷ ᠲᠠᠮᠵᠢᠭᠠᠳ᠂ ᠴᠢᠶᠠᠨ ᠶᠢᠨ ᠭᠧᠦ ᠪᠠᠯᠭᠠᠰᠤᠨ ᠤ ᠬᠢᠨ ᠨᠢᠳᠦᠨ ᠬᠠᠷᠠᠭ᠎ᠠ ᠪᠠᠨ ᠤᠯᠠᠮ ᠲᠡᠯᠡᠵᠦ᠂ ᠬᠦᠭᠵᠢᠯᠳᠡ ᠶᠢᠨ  ᠴᠢᠭᠯᠡᠯ ᠢᠶᠠᠨ ᠤᠯᠠᠮ ᠲᠤᠳᠤᠷᠬᠠᠶᠢᠯᠠᠪᠠ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠧᠦ ᠪᠠᠯᠭᠠᠰᠤ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠳᠤ ᠲᠦᠰᠢᠭᠯᠡᠵᠦ᠂ ᠰᠣᠯᠢᠯᠴᠠᠭ᠎ᠠ ᠪᠠᠨ ᠤᠯᠠᠮ ᠬᠦᠨᠵᠡᠬᠡᠶᠢᠷᠡᠬᠦᠯᠦᠨ᠂ ᠬᠠᠮᠲᠤᠷᠠᠯᠴᠠᠭ᠎ᠠ ᠪᠠᠨ ᠴᠢᠨᠠᠭᠰᠢᠳᠠ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠰᠤᠷᠠᠯᠳᠡ ᠦᠭᠡᠢ ᠲᠡᠰ ᠳᠡᠪᠰᠢᠬᠦ ᠶᠢ  ᠠᠬᠢᠭᠤᠯᠬᠤ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号