ᠨᠠᠮ ᠤᠨ ᠶᠠᠪᠤᠳᠠᠯ ᠢ ᠢᠯᠡ ᠪᠣᠯᠭᠠᠬᠤ ᠶᠢᠨ ᠴᠢᠬᠤᠯᠠ ᠴᠢᠨᠠᠷ ᠢ ᠤᠯᠠᠮ ᠲᠣᠳᠣᠷᠬᠠᠶᠢᠯᠠᠵᠤ᠂ ᠨᠠᠮ ᠤᠨ ᠶᠠᠪᠤᠳᠠᠯ ᠢ | ᠢᠯᠡ ᠪᠣᠯᠭᠠᠬᠤ ᠶᠢᠨ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠬᠦᠯᠦᠨ᠂ ᠥᠷᠭᠡᠨ ᠣᠯᠠᠨ ᠨᠠᠮ ᠤᠨ ᠭᠡᠰᠢᠭᠦᠨ ᠪᠠ | ᠣᠯᠠᠨ ᠲᠦᠮᠡᠨ ᠤ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠶᠢᠨ ᠲᠥᠯᠥᠭᠡ | ᠂ 11 ᠰᠠᠷ᠎ᠠ ᠶᠢᠨ 20 ᠤ ᠡᠳᠦᠷ ᠶᠦᠩ ᠹᠧᠩ ᠪᠠᠯᠭᠠᠰᠤ 2023 ᠣᠨ ᠤ ᠨᠠᠮ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠮᠡᠳᠡᠭᠳᠡᠬᠦ ᠬᠤᠷᠠᠯ ᠬᠤᠷᠠᠯᠳᠤᠭᠤᠯᠪᠠ᠃ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ | ᠱᠦᠵᠢ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ 2023 ᠣᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠮᠡᠳᠡᠭᠡ ᠵᠠᠩᠭᠢ ᠨᠡᠶᠢᠲᠡᠯᠡᠭᠰᠡᠨ ᠪᠠ ᠢᠯᠡ ᠪᠣᠯᠭᠠᠭᠰᠠᠨ ᠪᠠᠶᠢᠳᠠᠯ ᠢ ᠵᠠᠷᠯᠠᠨ | ᠮᠡᠳᠡᠭᠳᠡᠵᠦ᠂ ᠠᠵᠢᠯ ᠤᠨ ᠠᠬᠢᠴᠠ ᠨᠢ ᠤᠳᠠᠭᠠᠨ᠂ ᠨᠡᠶᠢᠳᠡᠯᠡᠭᠰᠡᠨ ᠠᠭᠤᠯᠭ᠎ᠠ ᠨᠢ ᠪᠦᠷᠢᠨ ᠪᠤᠰᠤ᠂ ᠬᠢᠨᠠᠨ | ᠵᠥᠪᠰᠢᠶᠡᠷᠡᠬᠦ ᠠᠯᠬᠤᠮ ᠶᠠᠪᠤᠴᠠ ᠨᠢ ᠲᠦᠷᠢᠮᠵᠢᠯ ᠦᠭᠡᠢ ᠭᠡᠰᠡᠭ ᠲᠣᠰᠬᠤᠨ ᠢ ᠵᠠᠷᠯᠠᠨ ᠰᠢᠭᠦᠮᠵᠢᠯᠡᠵᠦ᠂ | ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠬᠤᠷᠠᠯ ᠠᠴᠠ | ᠂ ᠡᠯ᠎ᠡ ᠲᠣᠰᠬᠤᠨ ᠤ ᠨᠠᠮ ᠤᠨ ᠡᠭᠦᠷ ᠤᠨ ᠬᠢᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠷᠢᠮᠵᠢᠬᠦᠯᠦᠨ | ᠥᠷᠨᠢᠭᠦᠯᠬᠦ ᠪᠠᠨ ᠴᠢᠩᠭᠠᠳᠬᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠳᠬᠤᠬᠤ ᠬᠥᠮᠥᠨ ᠲᠠᠢ᠂ | ᠬᠠᠮᠢᠶᠠᠷᠬᠤ ᠬᠥᠮᠥᠨ ᠲᠠᠢ᠂ ᠬᠢᠬᠦ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠂ ᠵᠥᠪ ᠤᠨᠤᠪᠴᠢᠳᠠᠢ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠶᠢ ᠤᠯᠠᠨ ᠵᠦᠢᠯ ᠤᠨ | ᠠᠷᠭ᠎ᠠ ᠬᠡᠯᠪᠡᠷᠢ ᠪᠠᠷ ᠨᠠᠮ ᠤᠨ ᠭᠡᠰᠢᠭᠦᠨ ᠤᠯᠠᠨ ᠲᠦᠮᠡᠨ ᠳᠤ ᠥᠷᠭᠡᠨ ᠢᠶᠠᠷ ᠤᠬᠠᠭᠤᠯᠵᠤ᠂ ᠠᠷᠠᠳ ᠢᠷᠭᠡᠳ ᠤᠨ | ᠣᠶᠢᠯᠠᠭᠠᠬᠤ ᠨᠤᠷᠮ᠎ᠠ ᠶᠢ ᠲᠡᠭᠡᠭᠰᠢᠯᠡᠬᠦᠯᠦᠨ᠂ ᠣᠷᠣᠯᠴᠠᠬᠤ ᠢᠳᠡᠪᠬᠢᠵᠢᠯ ᠢ ᠲᠠᠶᠢᠴᠢᠯᠠᠵᠤ᠂ ᠨᠠᠮ ᠤᠨ ᠭᠡᠰᠢᠭᠦᠨ | ᠤᠯᠠᠨ ᠲᠦᠮᠡᠨ ᠨᠢᠬᠡᠪᠦᠷᠢ ᠤᠷᠤᠯᠴᠠᠵᠤ᠂ ᠬᠠᠮᠢᠶᠠᠷᠴᠤ᠂ ᠬᠢᠨᠠᠯᠲᠠ ᠲᠠᠯᠪᠢᠭᠰᠠᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠶᠠᠷ ᠲᠤ ᠢᠯᠡ ᠪᠣᠯᠭᠠᠬᠤ ᠬᠡᠯᠪᠡᠷᠢ ᠶᠢᠨ ᠰᠢᠨ᠎ᠡ ᠶᠢ ᠡᠬᠦᠳᠦᠨ᠂ ᠢᠯᠡ | ᠪᠣᠯᠭᠠᠬᠤ ᠠᠭᠤᠯᠭ᠎ᠠ ᠪᠠ ᠬᠡᠯᠪᠡᠷᠢ ᠶᠢᠨ ᠲᠠᠯ᠎ᠠ ᠪᠠᠷ ᠢᠳᠡᠪᠬᠢᠲᠡᠢ ᠬᠠᠶᠢᠯᠳᠠ ᠬᠢᠵᠦ᠂ ᠭᠤᠣᠯᠳᠠᠯᠭ᠎ᠠ ᠶᠢ | ᠲᠤᠪᠤᠶᠢᠯᠭᠠᠬᠤ ᠮᠥᠷᠲᠡᠭᠡᠨ ᠳᠥᠭᠦᠮ ᠣᠶᠢᠯᠠᠭᠠᠮᠵᠢᠲᠠᠢ ᠪᠠᠶᠢᠬᠤ ᠶᠢ ᠪᠠᠳᠤᠯᠠᠬᠤ ᠭᠡᠷᠡᠭᠳᠡᠢ᠃ ᠢᠯᠡ ᠪᠣᠯᠭᠠᠬᠤ | ᠳᠦᠷᠢᠮ ᠢ ᠲᠡᠬᠦᠯᠳᠡᠷᠵᠢᠬᠦᠯᠦᠨ᠂ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠣᠯᠠᠨ ᠲᠦᠮᠡᠨ ᠤ | ᠪᠠᠶᠢᠳᠠᠯ ᠢ ᠮᠡᠳᠡᠬᠦ ᠡᠷᠬᠡ ᠶᠢ ᠦᠨᠡᠨᠬᠦ ᠪᠠᠲᠤᠯᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠬᠦᠨᠵᠡᠬᠡᠶᠢᠷᠡᠵᠦ ᠪᠣᠳᠠᠲᠠᠶᠢᠵᠢᠬᠤ ᠶᠢ ᠠᠬᠢᠭᠤᠯᠤᠨ᠂ ᠢᠯᠡ ᠪᠣᠯᠭᠠᠬᠤ ᠠᠵᠢᠯ ᠤᠨ ᠡᠯ᠎ᠡ ᠪᠣᠭᠤᠮᠲᠠ ᠶᠢ ᠴᠢᠩᠭ᠎ᠠ | ᠰᠠᠬᠢᠵᠤ᠂ ᠪᠥᠬᠦ ᠪᠠᠯᠭᠠᠰᠤᠨ ᠤ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠮᠬᠢ ᠲᠢᠭᠯᠡᠮ ᠲᠠᠢ | ᠶᠠᠪᠤᠭᠳᠠᠬᠤ ᠳᠤ ᠳᠦᠷᠢᠮ ᠤᠨ ᠪᠠᠲᠤᠯᠠᠭ᠎ᠠ ᠬᠠᠩᠭᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ |