ᠮᠡᠭᠡᠯᠡᠯ ᠤᠨ ᠬᠡᠷᠡᠭ ᠢ ᠠᠮᠵᠢᠯᠲᠠ ᠲᠠᠢ ᠰᠢᠢᠳᠪᠦᠷᠢᠯᠡᠵᠦ ᠬᠤᠬᠢᠷᠠᠯ ᠤᠨ ᠮᠦᠩᠬᠦ ᠶᠢ ᠲᠦᠷᠭᠡᠭᠡᠨ ᠪᠤᠴᠠᠭᠠᠪᠠ
ᠨᠡᠶᠢᠲᠡᠯᠡᠭᠰᠡᠨ ᠴᠠᠭ᠄
2023/11/21
  ︽ᠵᠠᠭᠤᠨ ᠡᠳᠦᠷ ᠤᠨ ᠪᠤᠭᠤᠮᠳᠠ ᠰᠢᠪᠳᠤᠯᠬᠤ  ︾ ᠠᠵᠢᠯᠯᠠᠭ᠎ᠠ   ᠶᠢ ᠥᠷᠨᠢᠭᠦᠯᠦᠭᠰᠡᠨ ᠠᠴᠠ ᠨᠠᠰᠢ᠂  ᠲᠠᠶᠢᠹᠤᠰᠧ ᠬᠤᠰᠢᠭᠤᠨ ᠤ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ ᠨᠢ ᠣᠯᠠᠨ ᠲᠦᠮᠡᠨ ᠤ ᠠᠮᠢ ᠪᠡᠶ᠎ᠡ   ᠶᠢᠨ ᠠᠰᠢᠭ ᠲᠤᠰᠠ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠬᠡᠷᠡᠭ ᠲᠤ ᠠᠩᠬᠠᠷᠤᠯ ᠲᠠᠯᠪᠢᠵᠤ ᠴᠣᠬᠢᠯᠲᠠ ᠥᠭᠬᠦ ᠶᠢ ᠢᠮᠠᠭᠲᠠ ᠪᠠᠷᠢᠮᠳᠠᠯᠠᠨ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ   ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠦᠨᠡᠨᠬᠦ ᠬᠠᠮᠠᠭᠠᠯᠠᠭᠰᠠᠨ ᠪᠠᠶᠢᠨ᠎ᠠ᠃ ᠣᠶᠢᠷ᠎ᠠ ᠳᠤ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠴᠢᠶᠠᠨ ᠶᠢᠨ ᠭᠧᠦ   ᠳᠠᠬᠢ ᠲᠣᠮᠢᠯᠠᠭᠰᠠᠨ ᠰᠠᠯᠪᠤᠷᠢ ᠨᠢ ᠨᠢᠭᠡᠨ ᠤᠳᠠᠭᠠᠨ ᠤ ᠮᠡᠭᠡᠯᠡᠯ ᠤᠨ ᠬᠡᠷᠡᠭ ᠢ ᠠᠮᠵᠢᠯᠲᠠᠲᠠᠢ ᠪᠠᠶᠢᠴᠠᠭᠠᠨ  ᠰᠢᠢᠳᠪᠦᠷᠢᠯᠡᠭᠡᠳ ᠂ 1 ᠬᠥᠮᠥᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠤᠨᠤᠭᠠᠵᠤ᠂  3900 ᠲᠥᠭᠦᠷᠢᠭ ᠤᠨ ᠬᠤᠬᠢᠷᠠᠯ ᠢ ᠨᠡᠬᠡᠮᠵᠢᠯᠡᠨ ᠠᠪᠴᠢᠷᠠᠵᠠᠢ᠃    2023 ᠣᠨ ᠤ 9 ᠰᠠᠷ᠎ᠠ ᠶᠢᠨ 10 ᠤ ᠡᠳᠦᠷ ᠤᠨ 12 ᠴᠠᠭ ᠤᠨ ᠦᠶ᠎ᠡ ᠠᠴᠠ 9 ᠰᠠᠷ᠎ᠠ ᠶᠢᠨ 11 ᠤ ᠡᠳᠦᠷ ᠤᠨ 18 ᠴᠠᠭ ᠤᠨ ᠦᠶ᠎ᠡ ᠪᠠᠷ ᠲᠢᠶᠠᠨ ᠣᠪᠣᠭᠲᠤ ᠬᠦᠦ ᠲᠠᠢ ᠪᠠᠨ ᠬᠠᠷᠢᠯᠴᠠᠵᠤ ᠳᠡᠶᠢᠯᠬᠦ ᠦᠭᠡᠢ ᠠᠴᠠ ᠪᠣᠯᠵᠤ᠂  ︽ᠬᠤᠷᠳᠤᠨ ᠭᠠᠷ︾ App ᠢᠶᠠᠷ ᠲᠠᠮᠵᠢᠨ ᠬᠦᠦ ᠶᠢᠨ ᠢᠶᠠᠨ ᠨᠠᠶᠢᠵᠠ ᠱᠢ ᠣᠪᠣᠭᠲᠤ ᠲᠠᠢ ᠬᠠᠷᠢᠯᠴᠠᠵᠤ᠂ ᠱᠢ ᠣᠪᠣᠭᠲᠤ ᠪᠠᠷ ᠬᠦᠦ ᠪᠠᠨ ᠡᠷᠢᠬᠦ ᠳᠤ ᠬᠠᠪᠰᠤᠷᠤᠭᠤᠯᠪᠠ᠃ ᠱᠢ ᠣᠪᠣᠭᠲᠤ   ᠨᠢ ᠲᠢᠶᠠᠨ ᠣᠪᠣᠭᠲᠤ ᠶᠢᠨ ᠬᠦᠦ ᠲᠠᠢ ᠵᠥᠷᠢᠴᠡᠯ  ᠭᠠᠷᠴᠤ ᠦᠩᠭᠡᠷᠡᠭᠰᠡᠨ ᠪᠤᠯᠬᠤᠷ ᠰᠠᠶᠢᠬᠠᠨ ᠲᠤᠬᠢᠶᠠᠯ ᠢᠷᠡᠯ᠎ᠡ ᠬᠡᠮᠡᠨ ᠪᠠᠶᠠᠷᠯᠠᠵᠤ᠂ ︽ᠬᠦᠦ ᠴᠢᠨᠢ ᠬᠦᠮᠦᠨ ᠳᠤ ᠥᠷᠢᠲᠦᠭᠰᠡᠨ ᠠᠴᠠ ᠪᠣᠯᠵᠤ ᠬᠤᠷᠢᠭᠳᠠᠵᠠᠢ᠂ ᠵᠣᠭᠤᠰ ᠮᠦᠩᠬᠦ ᠵᠠᠷᠤᠴᠠᠭᠤᠯᠵᠤ ᠤᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ︾  ᠬᠡᠵᠦ ᠠᠶᠤᠯᠭᠠᠨ᠂  ᠸᠢᠴᠠᠲ ᠢᠶᠠᠷ ᠲᠠᠮᠵᠢᠭᠠᠳ ᠲᠢᠶᠠᠨ ᠣᠪᠣᠭᠲᠤ ᠠᠴᠠ 3 ᠤᠳᠠᠭ᠎ᠠ ᠳᠤ ᠨᠡᠶᠢᠲᠡ 3900 ᠲᠥᠭᠦᠷᠢᠭ ᠮᠡᠬᠡᠯᠡᠨ ᠠᠪᠤᠭᠰᠠᠨ ᠪᠠᠶᠢᠪᠠ᠃ ᠲᠡᠭᠡᠭᠡᠳ ᠮᠡᠬᠡᠯᠡᠵᠦ ᠣᠯᠣᠭᠰᠠᠨ ᠵᠣᠭᠤᠰ ᠢᠶᠠᠨ ᠥᠭᠡᠷ᠎ᠡ ᠨᠢᠭᠡ ᠸᠢᠴᠠᠲ ᠲᠤ ᠰᠢᠯᠵᠢᠬᠦᠯᠦᠭᠡᠳ ᠪᠡᠯᠡᠨ ᠵᠣᠭᠤᠰ ᠪᠤᠯᠭᠠᠵᠤ ᠭᠡᠷᠡᠭᠯᠡᠵᠡᠢ᠃ ᠬᠡᠷᠡᠭ ᠭᠠᠷᠤᠭᠰᠠᠨ ᠤ ᠳᠠᠷᠠᠭ᠎ᠠ᠂  ᠴᠢᠶᠠᠨ ᠶᠢᠨ ᠭᠧᠦ ᠲᠣᠮᠢᠯᠠᠭᠰᠠᠨ ᠰᠠᠯᠪᠤᠷᠢ ᠶᠢᠨ ᠬᠢᠨ ᠦᠳᠲᠡᠷ ᠲᠦᠷᠭᠡᠨ   ᠢᠶᠠᠷ ᠪᠠᠶᠢᠴᠠᠭᠠᠯᠲᠠ ᠬᠢᠵᠦ᠂  ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠳᠡᠮᠵᠢᠯᠭᠡ ᠳᠣᠣᠷ᠎ᠠ  ᠰᠡᠵᠢᠭᠲᠡᠨ ᠤ  ᠶᠠᠪᠤᠵᠤ ᠰᠠᠭᠤᠭᠰᠠᠨ ᠤᠯᠠ ᠮᠥᠷ   ᠢ  ᠲᠤᠳᠤᠯᠠᠭᠠᠳ᠂  ᠲᠡᠷᠡ  ᠲᠠᠷᠤᠢ ᠳᠤᠨᠢ ᠲᠢᠶᠠᠨᠵᠢᠨ ᠬᠤᠲᠠ ᠳᠤ ᠬᠦᠷᠴᠦ ᠰᠡᠵᠢᠭᠲᠡᠨ ᠱᠢ ᠣᠪᠣᠭᠲᠤ   ᠶᠢ ᠪᠠᠷᠢᠪᠴᠢᠯᠠᠭᠰᠠᠨ ᠪᠠᠶᠢᠨ᠎ᠠ᠃  ᠰᠢᠬᠦᠨ ᠠᠰᠠᠭᠤᠬᠤ ᠪᠠᠷ ᠳᠠᠮᠵᠢᠭᠠᠳ᠂ ᠰᠡᠵᠢᠭᠲᠡᠨ ᠱᠢ ᠣᠪᠣᠭᠲᠤ ᠥᠪᠡᠷ ᠤᠨ ᠬᠠᠤᠯᠢ ᠵᠦᠷᠢᠴᠡᠵᠦ ᠬᠦᠮᠦᠨ ᠮᠡᠬᠡᠯᠡᠭᠰᠡᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠵᠡᠢ᠃  ᠤᠳᠤ ᠬᠠᠤᠯᠢ ᠵᠦᠷᠢᠴᠡᠭᠴᠢ ᠱᠢ ᠣᠪᠣᠭᠲᠤ ᠳᠤ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠤᠨᠤᠭᠠᠵᠤ᠂ ᠮᠡᠬᠡᠯᠡᠵᠦ ᠣᠯᠣᠭᠰᠠᠨ ᠵᠣᠭᠤᠰ ᠢ ᠨᠢ ᠬᠤᠬᠢᠷᠠᠯ ᠠᠮᠰᠠᠭᠴᠢ ᠲᠢᠶᠠᠨ ᠣᠪᠣᠭᠲᠤ ᠳᠤ ᠪᠤᠴᠠᠭᠠᠨ ᠦᠭᠴᠡᠢ  ᠃  ᠤᠷᠴᠢᠮᠬᠠᠨ ᠲᠢᠶᠠᠨ ᠣᠪᠣᠭᠲᠤ  ︽ᠮᠡᠬᠡᠯᠡᠯ ᠤᠨ ᠭᠡᠷᠡᠭ  ᠢ ᠢᠯᠡᠷᠡᠬᠦᠯᠵᠦ ᠬᠤᠬᠢᠷᠠᠯ ᠤᠨ ᠮᠦᠩᠬᠦ ᠶᠢ ᠮᠢᠨᠢ ᠪᠤᠴᠠᠭᠠᠭᠰᠠᠨ ᠠᠷᠠᠳ ᠤᠨ ᠴᠠᠭᠳᠠᠭ᠎ᠠ ᠳᠠᠭᠠᠨ ᠲᠠᠯᠠᠷᠬᠠᠵᠤ ᠪᠠᠶᠢᠨ᠎ᠠ ︾  ᠬᠡᠮᠡᠬᠦ ᠠᠯᠳᠠᠨ ᠦᠰᠦᠭᠳᠦ ᠬᠡᠮᠡᠷᠯᠢᠭ ᠲᠤᠭ ᠢ  ᠲᠤᠮᠢᠯᠠᠭᠰᠠᠨ ᠰᠠᠯᠪᠤᠷᠢ ᠳᠤ  ᠬᠦᠷᠭᠡᠨ ᠢᠷᠡᠵᠦ ᠴᠢᠩ ᠰᠡᠳᠬᠢᠯ  ᠤᠨ ᠪᠠᠶᠠᠷ ᠲᠠᠯᠠᠷᠬᠠᠯ ᠢᠶᠠᠨ ᠢᠯᠡᠷᠭᠡᠶᠢᠯᠡᠭᠰᠡᠨ ᠪᠠᠶᠢᠯ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号