ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ︽ᠲᠠᠪᠤᠨ ᠶᠡᠭᠡ ᠡᠭᠦᠷᠭᠡ︾ | ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠶᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠠᠮ ᠤᠨ ᠭᠡᠰᠢᠬᠦᠨ | ᠺᠠᠳ᠋ᠷᠴᠤᠳ ᠤᠨ ᠣᠶᠤᠨ ᠰᠠᠨᠠᠭᠠᠨ ᠳᠤ ᠬᠠᠳᠠᠩᠰᠢᠭᠤᠯᠬᠤ ᠶᠢᠨ ᠲᠥᠯᠥᠭᠡ ᠂ 11 ᠰᠠᠷ᠎ᠠ ᠶᠢᠨ 17 ᠤ ᠡᠳᠦᠷ | ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠲᠠᠢ | ᠤᠶᠠᠯᠳᠤᠭᠤᠯᠵᠤ᠂ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠭᠰᠠᠨ ᠪᠠᠶᠢᠨ᠎ᠠ᠃ ᠪᠠᠶᠢᠭᠤᠯᠭ᠎ᠠ ᠶᠢᠨ ᠨᠠᠮ ᠤᠨ | ᠡᠭᠦᠷ ᠤᠨ ᠭᠡᠰᠢᠬᠦᠳ ᠪᠠ ᠡᠯ᠎ᠡ ᠭᠠᠴᠠᠭᠠᠨ ᠤ ᠱᠦᠵᠢ᠂ ᠨᠢᠭᠡᠳᠦᠭᠡᠷ ᠱᠦᠵᠢ ᠨᠠᠷ ᠰᠤᠷᠤᠯᠴᠠᠯᠭ᠎ᠠ ᠳᠤ ᠣᠷᠣᠯᠴᠠᠪᠠ᠃ | ᠡᠨᠡ ᠤᠳᠠᠭᠠᠨ ᠤ ᠨᠠᠮ ᠤᠨ ᠬᠢᠴᠢᠶᠡᠯ ᠳᠤ ᠭᠤᠣᠯ ᠰᠡᠳᠦᠪᠲᠦ ᠬᠥᠮᠦᠵᠢᠯ ᠤᠨ ᠴᠢᠬᠤᠯᠠ ᠠᠴᠢ ᠬᠤᠯᠪᠣᠭᠳᠠᠯ ᠪᠠ | ᠪᠠᠶᠠᠯᠢᠭ ᠠᠭᠤᠯᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠠᠶᠢᠭᠤᠯᠬᠤ ᠲᠠᠢ ᠨᠢᠬᠳᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢ ᠠᠳᠬᠤᠵᠤ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠪᠦᠬᠦ ᠰᠤᠮᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠲᠠᠶᠢᠯᠤᠮᠵᠢ ᠬᠢᠵᠦ᠂ ᠰᠤᠮᠤᠨ ᠤ ᠨᠠᠮ ᠤᠨ ᠭᠡᠰᠢᠭᠦᠨ ᠺᠠᠳ᠋ᠷᠴᠤᠳ ᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ | ᠬᠦᠴᠦᠨ ᠢ ᠤᠯᠠᠮ ᠬᠦᠨᠵᠡᠬᠡᠢ ᠤᠶᠢᠯᠠᠭᠠᠭᠤᠯᠵᠠᠢ᠃ ᠤᠷᠬᠢᠯ ᠠᠴᠠ᠂ ᠪᠦᠬᠦ ᠰᠤᠮᠤ ᠪᠠᠷ ᠢᠶᠠᠨ ︽ᠬᠤᠶᠠᠷ ᠢ | ᠲᠣᠭᠲᠠᠭᠠᠬᠤ︾ ᠶᠢ ᠬᠦᠷᠢᠶᠡᠯᠡᠬᠦ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ | ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠥᠨᠳᠥᠷᠴᠡ ᠠᠴᠠ ᠰᠢ ᠶᠢᠨ ᠫᠢᠩ ᠶᠡᠷᠦᠩᠬᠡᠢ | ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠡᠨ | ᠶᠣᠰᠣᠨ ᠤ ᠬᠦᠴᠦᠨ᠂ ᠦᠢᠯᠡᠳᠦᠯᠭᠡ ᠶᠢᠨ ᠬᠦᠴᠦᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠤᠨᠢᠨ ᠳᠡᠭᠡᠷ᠎ᠡ ᠨᠢ | ᠡᠵᠡᠮᠳᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠳᠤ ᠡᠮᠦᠨ᠎ᠡ ᠨᠢ | ᠶᠠᠪᠤᠵᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠢᠴᠢᠶᠡᠯ | ᠰᠤᠨᠤᠰᠤᠭᠰᠠᠨ ᠨᠠᠮ ᠤᠨ ᠭᠡᠰᠢᠬᠦᠨ ᠺᠠᠳ᠋ᠷᠴᠤᠳ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠳᠤ ᠦᠵᠡᠯ ᠰᠠᠨᠠᠭᠠᠨ ᠤ ᠤᠬᠠᠮᠰᠠᠷ᠂ ᠤᠯᠤᠰ | ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠨ᠂ ᠤᠨᠤᠯ ᠢ ᠦᠢᠯᠡᠳᠦᠯᠭᠡ ᠲᠠᠢ | ᠤᠶᠠᠯᠳᠤᠭᠤᠯᠵᠤ᠂ ᠠᠵᠢᠯ ᠢᠶᠠᠨ ᠡᠷᠴᠢᠮᠳᠡᠢ ᠦᠷᠨᠢᠬᠦᠯᠦᠨ᠎ᠡ ᠭᠡᠵᠦ ᠢᠯᠡᠳᠬᠡᠵᠡᠭᠡᠪᠡ᠃ |