ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ ᠬᠤᠩ ᠴᠢ | ᠪᠠᠯᠭᠠᠰᠤᠨ ᠤ ᠨᠠᠮ ᠤᠨ ᠬᠤᠷᠢᠶ᠎ᠠ ᠨᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠲᠠᠪᠤᠳᠤᠭᠠᠷ | ᠤᠳᠠᠭᠠᠨ ᠤ ᠬᠠᠮᠳᠤ ᠶᠢᠨ ᠰᠤᠷᠤᠯᠴᠠᠯᠭ᠎ᠠ ᠵᠢᠴᠢ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ | ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠨᠠᠮ ᠤᠨ | ᠬᠤᠷᠢᠶᠠᠨ ᠤ ᠱᠦᠵᠢ ᠰᠦᠨ ᠬᠠᠢ ᠹᠧᠩ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠱᠧᠦ | ᠴᠢᠶᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠶᠦᠩ᠂ ᠨᠠᠮ ᠤᠨ | ᠬᠤᠷᠢᠶᠠᠨ ᠤ ᠳᠡᠳ᠋ ᠱᠦᠵᠢ ᠾᠧ ᠭᠤᠸᠠᠨ ᠬᠤᠸᠠ ᠵᠢᠴᠢ ᠤᠳᠤᠷᠢᠳᠬᠤ ᠪᠠᠭ ᠤᠨ ᠪᠤᠰᠤᠳ ᠭᠡᠰᠢᠬᠦᠳ ᠬᠤᠷᠠᠯ ᠳᠤ | ᠤᠷᠤᠯᠴᠠᠵᠠᠢ᠃ ᠰᠦᠨ ᠬᠠᠢ ᠹᠧᠩ ᠠᠴᠠ᠂ ᠨᠢᠭᠡ ᠳᠤ ᠤᠨᠤᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠢ | ᠠᠳᠬᠤᠵᠤ᠂ ᠤᠨᠤᠯ ᠤᠨ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ | ᠳᠤᠲᠠᠭᠤᠳᠠᠯ ᠢᠶᠠᠨ ᠨᠥᠬᠦᠪᠦᠷᠢᠯᠡᠵᠦ᠂ ᠠᠵᠢᠯ ᠤᠨ ᠶᠠᠰᠣ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠬᠦ ᠭᠡᠷᠡᠭᠳᠡᠢ | ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠵᠠᠩ ᠱᠧᠦ ᠴᠢᠶᠠᠩ ᠶᠠᠷᠢᠶᠠᠨ | ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠪᠣᠯ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠬᠤ ᠪᠠᠷ ᠪᠠᠷᠠᠬᠤ ᠦᠭᠡᠢ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ︽ᠨᠠᠰᠤᠨ ᠲᠤᠷᠰᠢᠲᠠ ᠶᠢᠨ | ᠵᠠᠪᠠᠯ ᠰᠤᠷᠬᠤ ᠬᠢᠴᠢᠶᠡᠯ︾ ᠪᠣᠯᠣᠨ᠎ᠠ᠂ ᠤᠯᠠᠨ ᠢᠶᠠᠷ ᠢᠶᠠᠨ ᠡᠷᠬᠡᠪᠰᠢ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠰᠢᠯᠢᠳᠡᠭ ᠢ ᠡᠭᠦᠳᠬᠦ ᠤᠬᠠᠮᠰᠠᠷ ᠢᠶᠠᠨ ᠨᠡᠮᠡᠭᠳᠡᠬᠦᠯᠦᠨ᠂ ᠰᠢᠨ᠎ᠡ ᠣᠶᠢᠯᠠᠭᠠᠭᠳᠠᠬᠤᠨ᠂ ᠰᠢᠨ᠎ᠡ | ᠦᠵᠡᠯᠲᠡ ᠶᠢ ᠡᠯ᠎ᠡ ᠲᠦᠷᠦᠯ ᠤᠨ ᠠᠵᠢᠯ ᠤᠨ ᠳᠤᠮᠳᠠ ᠪᠠᠨ ᠠᠭᠤᠰᠤᠯᠴᠠᠭᠤᠯᠵᠤ᠂ ᠵᠥᠷᠢᠶ᠎ᠡ ᠲᠤᠳᠠᠭᠳᠠᠯ ᠢᠶᠠᠨ | ᠪᠠᠶᠢᠴᠠᠭᠠᠨ ᠳᠡᠯᠭᠡᠵᠦ᠂ ᠬᠥᠭᠵᠢᠯᠲᠡ ᠶᠢᠨ ᠳᠠᠯᠳᠠ ᠬᠦᠴᠦᠨ ᠢ ᠲᠠᠶᠢᠴᠢᠯᠠᠨ᠂ ᠲᠡᠷᠢᠭᠦᠨ ᠤ ᠭᠠᠵᠠᠷ ᠣᠷᠣᠨ ᠪᠠ | ᠪᠠᠶᠢᠭᠤᠯᠭ᠎ᠠ ᠨᠢᠭᠡᠴᠡ ᠪᠠᠷ ᠲᠣᠯᠢ ᠪᠣᠯᠭᠠᠵᠤ ᠠᠷᠭ᠎ᠠ ᠲᠤᠷᠰᠢᠯᠭ᠎ᠠ ᠶᠢ ᠨᠢ ᠰᠤᠷᠤᠯᠴᠠᠨ᠂ ᠵᠥᠪ ᠴᠢᠭᠯᠡᠯ ᠢ | ᠡᠵᠡᠮᠳᠡᠵᠦ᠂ ᠬᠠᠨᠳᠤᠯᠭᠠᠲᠤ ᠴᠢᠨᠠᠷᠲᠠᠢ ᠪᠠᠷ ᠠᠵᠢᠯ ᠢᠶᠠᠨ ᠦᠷᠨᠢᠬᠦᠯᠬᠦ ᠭᠡᠷᠡᠭᠳᠡᠢ᠃ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠢᠶᠠᠨ ᠴᠢᠩᠭᠠᠳᠬᠠᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠤᠨ᠂ ᠬᠦᠴᠢᠷ ᠢ ᠰᠦᠷᠴᠦ | ᠪᠤᠴᠠᠯᠲᠠ ᠦᠭᠡᠢ ᠤᠷᠤᠭᠰᠢᠯᠠᠬᠤ ᠂ ᠵᠣᠷᠢᠯᠭ᠎ᠠ ᠳᠠᠭᠠᠨ ᠬᠦᠷᠬᠦ ᠦᠭᠡᠢ ᠪᠣᠯ ᠦᠯᠦ ᠵᠣᠭᠰᠣᠬᠤ ︽ᠮᠣᠩᠭᠤᠯ | ᠮᠣᠷᠢᠨ ᠤ ᠵᠣᠷᠢᠭ ᠰᠠᠨᠠᠭ᠎ᠠ︾ ᠶᠢ ᠦᠢᠯᠡᠳᠦᠯᠭᠡᠵᠢᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃ ᠬᠤᠷᠠᠯ ᠳᠡᠭᠡᠷ᠎ᠡ᠂ | ᠤᠳᠤᠷᠢᠳᠬᠤ ᠪᠠᠭ ᠤᠨ ᠪᠤᠰᠤᠳ ᠭᠡᠰᠢᠬᠦᠳ ᠠᠴᠠ ᠠᠵᠢᠯ ᠤᠨ ᠪᠤᠳᠠᠳᠠᠢ ᠲᠠᠢ ᠪᠠᠨ ᠨᠢᠭᠲᠠ ᠤᠶᠠᠯᠳᠤᠭᠤᠯᠤᠨ᠂ ︽ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠬᠤ︾ ᠭᠤᠣᠯ ᠰᠡᠳᠦᠪ ᠤᠨ | ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠳᠠᠪᠠᠭᠤᠯᠢᠭ ᠢᠶᠠᠨ ᠵᠠᠳᠠᠯᠤᠨ᠂ ᠵᠥᠷᠢᠶ᠎ᠡ ᠪᠠᠨ ᠡᠷᠢᠵᠡᠭᠡᠵᠡᠢ᠃ | ᠲᠠᠷᠠᠭᠠᠴᠢ ᠶᠢᠨ ᠠᠯᠬᠤᠮ ᠳᠤ᠂ ᠲᠤᠰ ᠪᠠᠯᠭᠠᠰᠤᠨ ᠤ ᠬᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ | ᠲᠤᠳᠠᠭᠳᠠᠯ ᠢᠶᠠᠨ ᠲᠡᠯᠭᠡᠨ ᠪᠠᠶᠢᠴᠠᠭᠠᠵᠤ᠂ ᠵᠣᠷᠢᠭᠲᠠᠢ ᠪᠠᠷ ᠠᠰᠠᠭᠤᠳᠠᠯ ᠳᠤ ᠬᠠᠨᠳᠤᠨ᠂ ᠢᠳᠡᠪᠬᠢᠳᠡᠢ ᠪᠠᠷ | ᠠᠰᠠᠭᠤᠳᠠᠯ ᠢ ᠰᠢᠢᠳᠪᠦᠷᠢᠯᠡᠵᠦ᠂ ᠲᠠᠷᠠᠭ᠎ᠠ ᠨᠢᠭᠡᠨ ᠡᠭᠡᠯᠵᠢ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠠᠷ ᠪᠠᠶᠢᠨ᠎ᠠ᠃ |