ᠲᠠᠶᠢᠹᠤᠰᠧ ᠬᠤᠰᠢᠭᠤ ᠭᠤᠣᠯ ᠰᠡᠳᠦᠪᠲᠦ ᠬᠥᠮᠦᠵᠢᠯ ᠤᠨ ᠪᠤᠳᠠᠳᠠᠢ ᠪᠦᠭᠡᠳ ᠨᠠᠷᠢᠯᠢᠭ ᠨᠠᠶᠢᠳᠠᠪᠤᠷᠢᠵᠢᠬᠤ ᠶᠢ ᠦᠷᠬᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2023/11/22
  ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ  ᠡᠵᠡᠮᠳᠡᠨ᠂ ᠭᠦᠨᠵᠡᠭᠡᠢ ᠰᠤᠷᠤᠯᠴᠠᠵᠤ ᠨᠢᠮᠪᠠᠢ ᠬᠠᠷᠢᠴᠠᠭᠤᠯᠵᠤ ᠴᠢᠩᠭ᠎ᠠ ᠬᠡᠷᠡᠭᠵᠢᠭᠦᠯᠬᠦ ᠲᠠᠯ᠎ᠠ ᠪᠠᠷ ᠬᠦᠴᠦᠨ ᠢᠶᠠᠨ ᠲᠦᠪᠯᠡᠷᠡᠬᠦᠯᠵᠦ᠂ ᠣᠷᠭᠢᠯᠤᠮ᠎ᠠ ᠬᠠᠯᠠᠭᠤᠨ ᠰᠤᠷᠤᠯᠴᠠᠬᠤ ᠤᠷᠮ᠎ᠠ ᠵᠣᠷᠢᠭ ᠢᠶᠠᠨ ᠪᠣᠭᠤᠮᠲᠠ ᠰᠢᠪᠲᠤᠯᠤᠨ ᠬᠦᠴᠢᠷ ᠲᠤᠭᠤᠯᠬᠤ᠂ ᠠᠵᠢᠯ ᠬᠢᠵᠦ ᠦᠢᠯᠡᠰ ᠪᠦᠳᠦᠭᠡᠬᠦ ᠠᠮᠢᠳᠤ ᠦᠢᠯᠡᠳᠦᠯᠭᠡ ᠪᠣᠯᠭᠠᠨ ᠬᠤᠪᠢᠷᠠᠭᠤᠯᠵᠤ ᠪᠠᠶᠢᠨ᠎ᠠ᠃  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠰᠤᠷᠤᠯᠴᠠᠯᠭ᠎ᠠ ᠪᠠ ᠦᠢᠯᠡᠳᠦᠯᠭᠡ ᠶᠢ ᠵᠡᠷᠭᠡᠪᠡᠷ ᠠᠬᠢᠭᠤᠯᠵᠤ᠂ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠬᠤ  ᠂ ᠡᠬᠦᠷᠭᠡ ᠬᠠᠷᠢᠭᠤᠴᠠᠯᠭ᠎ᠠ ᠪᠠᠨ   ᠨᠢᠮᠪᠠᠢ ᠬᠦᠢᠴᠡᠳᠭᠡᠬᠦ ᠶᠢ ᠪᠠᠷᠢᠮᠳᠠᠯᠠᠨ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠢᠯᠡᠳᠦᠯᠭᠡ ᠶᠢᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ᠂ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ  ᠪᠠᠶᠢᠴᠠᠭᠠᠨ ᠰᠤᠳᠤᠯᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠤᠨ᠂  ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠵᠦ᠂ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠠᠵᠢᠯ ᠤᠨ ᠥᠷᠨᠢᠯᠲᠡ ᠶᠢ ᠠᠬᠢᠭᠤᠯᠪᠠ᠃   ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠢᠨ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ᠬᠥᠭᠵᠢᠯᠲᠡ ᠶᠢᠨ ᠬᠦᠴᠢᠷ ᠠᠰᠠᠭᠤᠳᠠᠯ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ︽ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯ ᠬᠢᠬᠦ︾ ᠪᠠᠷ ᠭᠠᠷᠳᠠᠴᠠ ᠪᠤᠯᠭᠠᠨ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠨᠥᠬᠦᠪᠦᠷᠢ ᠮᠥᠩᠭᠦ ᠶᠢᠨ ᠨᠠᠶᠢᠳᠠᠪᠤᠷᠢᠵᠢᠭᠤᠯᠤᠯᠲᠠ ᠲᠡᠩᠴᠡᠭᠦᠷᠢ ᠦᠭᠡᠢ ᠪᠠᠶᠢᠭ᠎ᠠ᠂ ᠨᠡᠶᠢᠲᠡ ᠶᠢᠨ ᠠᠰᠠᠷᠠᠮᠵᠢ ᠶᠢᠨ ᠺᠢᠨᠣ᠋ ᠶᠢᠨ ︽ᠰᠠᠷ᠎ᠠ ᠳᠤ ᠨᠢᠭᠡ ᠲᠠᠯᠠᠪᠤᠷ ᠭᠠᠷᠭᠠᠬᠤ︾ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠳᠣᠣᠷ᠎ᠠ  ᠪᠠᠶᠢᠭ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠡᠢ᠃ ᠣᠳᠣᠬᠠᠨ ᠳᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠺᠢᠨᠣ᠋ ᠶᠢ 2012 ᠲᠠᠯᠠᠪᠤᠷ  ᠭᠠᠷᠭᠠᠵᠤ᠂  ᠵᠢᠯ ᠤᠨ ᠡᠭᠦᠷᠭᠡ ᠶᠢᠨ 95% ᠶᠢ ᠪᠡᠶᠡᠯᠡᠬᠦᠯᠦᠭᠡᠳ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ  ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃  ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ︽ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠡᠷᠭᠢᠯᠡᠬᠦ︾ ᠶᠢ ᠪᠠᠷᠢᠮᠲᠠᠯᠠᠨ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂  ︽12345︾  ᠤᠲᠠᠰᠤ ᠶᠢ ᠰᠠᠶᠢᠲᠤᠷ ᠲᠤᠰᠴᠤ᠂ ᠰᠤᠷᠭᠠᠭᠤᠯᠢ ᠳᠤ ᠣᠷᠣᠬᠤ᠂ ᠰᠤᠷᠭᠠᠭᠤᠯᠢ ᠳᠡᠪᠰᠢᠬᠦ᠂ ᠰᠤᠷᠤᠯᠭ᠎ᠠ ᠶᠢ ᠲᠡᠳᠬᠦᠬᠦ ᠵᠡᠷᠭᠡ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠤᠯᠭ᠎ᠠ ᠲᠡᠳᠬᠦᠬᠦ ᠪᠡᠯᠡ ᠮᠥᠩᠭᠦ 10 ᠲᠦᠮᠡᠨ ᠲᠥᠭᠦᠷᠢᠭ   ᠢ ᠢᠳᠡᠪᠬᠢᠳᠡᠢ ᠪᠠᠷ ᠡᠷᠡᠮᠡᠯᠵᠡᠯᠡᠨ ᠤᠯᠵᠤ᠂ 100 ᠨᠡᠷ᠎ᠡ ᠶᠠᠳᠠᠭᠤ ᠬᠦᠴᠢᠷᠳᠡᠯᠲᠡᠢ ᠰᠣᠷᠣᠭᠴᠢ ᠳᠤ ᠬᠥᠮᠥᠨ ᠪᠦᠷᠢ ᠶᠢᠨ 1000 ᠲᠥᠭᠦᠷᠢᠭ ᠤᠨ  ᠲᠡᠳᠬᠦᠮᠵᠢ ᠶᠢᠨ ᠮᠥᠩᠭᠦ ᠤᠯᠭᠤᠭᠠᠳ᠂ ᠶᠠᠳᠠᠭᠤ ᠬᠦᠴᠢᠷᠳᠡᠯᠲᠡᠢ ᠰᠣᠷᠣᠭᠴᠢ ᠪᠠ ᠲᠡᠳᠡᠨ ᠤ ᠭᠡᠷ ᠪᠦᠯᠢ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号