︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠨᠢ ᠬᠥᠳᠡᠭᠡ ᠲᠣᠰᠬᠤᠨ ᠤ ᠵᠠᠰᠠᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/11/22
  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠵᠠᠩ ᠳᠠᠳᠬᠠᠯ ᠤᠨ ᠦᠬᠡᠷᠡᠴᠢᠯᠡᠯᠳᠡ ᠶᠢᠨ ᠠᠵᠢᠯ ᠢ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤ ᠨᠢ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾  ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠤᠪᠢ ᠬᠤᠷᠠᠮᠳᠤᠭᠤᠯᠵᠤ ᠡᠳ᠋ ᠪᠠᠷᠠᠭ᠎ᠠ ᠰᠣᠯᠢᠬᠤ ᠪᠠᠷ   ᠲᠠᠮᠵᠢᠭᠠᠳ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠪᠣᠯᠪᠠᠰᠤᠨ ᠰᠠᠶᠢᠬᠠᠨ ᠬᠥᠳᠡᠭᠡ ᠲᠣᠰᠬᠤᠨ ᠤ ᠬᠡᠪ ᠰᠤᠷᠲᠠᠯ ᠢ ᠪᠤᠶᠢᠵᠢᠭᠤᠯᠵᠤ ᠪᠠᠶᠢᠨ᠎ᠠ᠃  ᠤᠳᠤ ᠲᠤᠰ ᠬᠤᠰᠢᠭᠤᠨ ᠤ 176 ᠭᠠᠴᠠᠭ᠎ᠠ ᠲᠣᠰᠬᠤᠨ ᠳᠤ ᠪᠦᠷ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠪᠠᠶᠢᠭᠤᠯᠤᠭᠳᠠᠵᠠᠢ᠂  ᠴᠢᠯᠦᠭᠡᠳᠦ ᠳᠡᠯᠭᠡᠭᠦᠷ ᠢ ᠦᠷᠭᠦᠯᠵᠢᠯᠡᠨ ᠰᠠᠶᠢᠳᠤᠷ ᠠᠵᠢᠯᠯᠠᠭᠤᠯᠬᠤ ᠶᠢᠨ ᠲᠥᠯᠥᠭᠡ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠠᠮᠢᠶᠠᠷᠤᠯᠲᠠ ᠶᠢᠨ ᠠᠷᠭ᠎ᠠ ᠪᠠ ᠬᠤᠪᠢ ᠬᠤᠷᠠᠮᠳᠤᠭᠤᠯᠬᠤ ᠳᠦᠷᠢᠮ ᠢ ᠲᠣᠭᠲᠠᠭᠠᠵᠤ᠂  10 ᠶᠡᠭᠡ ᠲᠥᠷᠥᠯ᠂ 31 ᠪᠠᠭ᠎ᠠ ᠲᠥᠷᠥᠯ ᠵᠦᠢᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ  ᠲᠤᠬᠢᠷᠠᠭᠤᠯᠤᠭᠰᠠ ᠪᠦᠭᠡᠳ ᠡᠯ᠎ᠡ ᠭᠠᠴᠠᠭ᠎ᠠ ᠲᠤᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠪᠠ ᠪᠣᠳᠠᠲᠠᠢ ᠬᠡᠷᠡᠭᠴᠡᠭᠡ ᠶᠢ ᠦᠨᠳᠦᠰᠦᠯᠡᠨ ᠬᠤᠪᠢ ᠬᠤᠷᠠᠮᠳᠤᠭᠤᠯᠬᠤ ᠪᠠᠷᠢᠮᠵᠢᠶ᠎ᠠ ᠶᠢ ᠲᠣᠭᠲᠠᠭᠠᠵᠤ᠂   ᠠᠷᠠᠳ ᠢᠷᠭᠡᠳ ᠢ ᠲᠠᠶᠢᠴᠢᠯᠠᠨ ᠬᠤᠪᠢ ᠬᠤᠷᠠᠮᠳᠤᠭᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠭᠤᠯᠤᠭᠰᠠᠨ  ᠪᠠᠶᠢᠨ᠎ᠠ᠃   ︽ ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠠᠰᠢᠭᠯᠠᠯᠲᠠ ᠳᠤ ᠣᠷᠣᠭᠰᠠᠨ ᠠᠴᠠ ᠨᠠᠰᠢ᠂ ᠵᠢᠵᠢᠭᠭᠡᠨ ᠲᠡᠯᠬᠡᠬᠦᠷ ᠨᠢ ᠲᠤᠮᠤᠬᠠᠨ ᠦᠢᠯᠡᠳᠦᠯ ᠢᠶᠠᠨ ᠪᠠᠳᠠᠷᠠᠭᠤᠯᠵᠤ ᠢᠷᠡᠵᠡᠢ᠃ ᠣᠳᠣᠬᠠᠨ ᠳᠤ᠂ ᠣᠯᠠᠩᠬᠢ ᠮᠠᠯᠴᠢᠨ ᠲᠠᠷᠢᠶᠠᠴᠢᠨ ᠪᠦᠷ ᠰᠠᠶᠢᠨ ᠳᠤᠷ᠎ᠠ ᠠᠴᠠ ᠪᠠᠨ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠵᠠᠰᠠᠯᠳᠠ᠂ ᠨᠠᠰᠤᠲᠠᠨ ᠢᠶᠠᠨ ᠠᠴᠢᠯᠠᠵᠤ ᠨᠢᠯᠬᠠᠰ ᠢᠶᠠᠨ ᠬᠠᠶᠢᠷᠠᠯᠠᠬᠤ ᠵᠡᠷᠭᠡ ᠦᠶᠯᠡ ᠠᠵᠢᠯᠯᠠᠭ᠎ᠠ ᠪᠠᠷ ᠳᠡᠮᠵᠢᠨ ᠬᠤᠪᠢ ᠬᠤᠷᠠᠮᠳᠤᠭᠤᠯᠵᠤ᠂  ᠬᠤᠷᠠᠮᠳᠤᠭᠤᠯᠤᠭᠰᠠᠨ ᠬᠤᠪᠢ  ᠪᠠᠷ ᠢᠶᠠᠨ  ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾  ᠠᠴᠠ ᠡᠳ᠋ ᠪᠠᠷᠠᠭ᠎ᠠ ᠰᠣᠯᠢᠵᠤ ᠠᠪᠬᠤ ᠪᠤᠯᠪᠠ᠃  ᠡᠨᠡ ᠵᠢᠯ ᠳᠤ᠂ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠬᠤᠪᠢ  ᠬᠤᠷᠠᠮᠳᠤᠭᠤᠯᠵᠤ ᠡᠳ᠋ ᠪᠠᠷᠠᠭ᠎ᠠ ᠰᠤᠯᠢᠬᠤ ᠳᠤ ᠣᠷᠣᠯᠴᠠᠭᠰᠠᠨ ᠮᠠᠯᠴᠢᠨ ᠲᠠᠷᠢᠶᠠᠴᠢᠨ ᠡᠷᠦᠬᠡ 7 ᠮᠢᠩᠭ᠎ᠠ ᠭᠠᠷᠤᠢ ᠪᠣᠯᠵᠤ᠂  ᠰᠤᠯᠢᠭᠰᠠᠨ ᠡᠳ᠋ ᠪᠠᠷᠠᠭᠠᠨ ᠤ ᠦᠷᠳᠡᠭ 16 ᠲᠦᠮᠡ ᠭᠠᠷᠤᠢ ᠲᠥᠭᠦᠷᠢᠭ ᠲᠤ ᠬᠦᠷᠴᠡᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠦᠷᠭᠦᠯᠵᠢᠯᠡᠨ ᠬᠦᠨᠵᠡᠬᠡᠶᠢᠷᠡᠬᠦᠯᠵᠦ᠂ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠬᠤᠪᠢ ᠬᠤᠷᠠᠮᠳᠤᠭᠤᠯᠬᠤ ᠳᠦᠷᠢᠮ ᠢ ᠲᠡᠬᠦᠯᠳᠡᠷᠵᠢᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠵᠡᠷᠭᠡ ᠬᠤᠪᠢ ᠬᠤᠷᠠᠮᠳᠤᠭᠤᠯᠬᠤ ᠠᠷᠭ᠎ᠠ ᠵᠠᠮ ᠢ ᠦᠷᠭᠡᠳᠭᠡᠵᠦ᠂   ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ  ᠪᠠᠶᠢᠭᠤᠯᠤᠨ᠂ ︽ᠬᠤᠪᠢ ᠣᠯᠬᠤ︾ ᠲᠣᠬᠢᠶᠠᠯ ᠢ ᠡᠭᠦᠳᠴᠦ᠂ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠢ ᠣᠯᠠᠨ ᠲᠦᠮᠡᠨ ᠤ ᠬᠠᠷᠢᠯᠴᠠᠨ ᠰᠤᠷᠤᠯᠴᠠᠬᠤ᠂ ᠬᠠᠷᠢᠯᠴᠠᠨ ᠠᠳᠠᠯᠢᠳᠬᠠᠬᠤ᠂ ᠬᠠᠷᠢᠯᠴᠠᠨ ᠠᠬᠢᠭᠤᠯᠬᠤ ᠲᠠᠪᠴᠠᠩ ᠪᠣᠯᠭᠠᠨ  ᠪᠠᠶᠢᠭᠤᠯᠵᠤ᠂ ︽ ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠦᠨᠳᠦᠰᠦᠨ ᠱᠠᠲᠤᠨ ᠤ ᠵᠠᠰᠠᠯᠲᠠ ᠳᠠᠬᠢ ︽ᠬᠥᠳᠡᠯᠭᠡᠬᠦ︾ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号