ᠬᠦᠢᠲᠡᠨ ᠤᠷᠤᠰᠬᠠᠯ ᠤᠨ ᠤᠯᠠᠪᠤᠷ ᠥᠩᠭᠡᠲᠦ ᠰᠡᠷᠡᠮᠵᠢ ᠶᠢᠨ ᠵᠠᠷᠯᠠᠯ
ᠨᠡᠶᠢᠲᠡᠯᠡᠭᠰᠡᠨ ᠴᠠᠭ᠄
2023/11/22
ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠠ ᠥᠷᠭᠡᠨ ᠣᠯᠠᠨ ᠠᠷᠠᠳ ᠢᠷᠭᠡᠳ ᠲᠤ᠄     ᠲᠠᠶᠢᠹᠤᠰᠧ ᠬᠤᠰᠢᠭᠤᠨ ᠤ ᠴᠠᠭ ᠠᠭᠤᠷ ᠤᠨ ᠦᠷᠳᠡᠭᠡᠨ ᠤ 2023 ᠣᠨ ᠤ 11 ᠰᠠᠷ᠎ᠠ ᠶᠢᠨ 22 ᠤᠨ ᠡᠳᠦᠷ ᠤᠨ 08 ᠴᠠᠭ 04 ᠮᠢᠨᠦ᠋ᠲ ᠲᠤ ᠨᠡᠶᠢᠲᠡᠯᠡᠭᠰᠡᠨ ᠬᠦᠢᠲᠡᠨ ᠤᠷᠤᠰᠬᠠᠯ ᠤᠨ ᠤᠯᠠᠪᠤᠷ ᠦᠩᠭᠡᠳᠦ ︵Ⅱ ᠲᠠᠰ ︶  ᠰᠡᠷᠡᠮᠵᠢ ᠶᠢᠨ ᠳᠣᠬᠢᠶ᠎ᠠ ᠶᠢ ᠦᠨᠳᠦᠰᠦᠯᠡᠪᠡᠯ᠄ 24 ᠴᠠᠭ ᠤᠨ ᠳᠣᠲᠣᠷ᠎ᠠ ᠲᠠᠶᠢᠹᠤᠰᠧ ᠬᠤᠰᠢᠭᠤᠨ ᠤ ᠠᠭᠠᠷ ᠤᠨ ᠳᠤᠯᠠᠭᠠᠨ ᠪᠠᠷᠤᠭ 12℃  ᠤᠷᠴᠢᠮ ᠪᠠᠭᠤᠷᠠᠵᠤ᠂   ᠬᠠᠮᠤᠭ ᠤᠨ ᠲᠤᠤᠷ᠎ᠠ ᠳᠠᠭᠠᠨ -21℃~-28℃   ᠳᠤ ᠬᠦᠷᠴᠦ᠂  ᠪᠠᠷᠠᠭᠤᠨ ᠬᠤᠶᠢᠨ᠎ᠠ ᠠᠴᠠ 5 ᠲᠠᠰ ︵ ᠭᠡᠰᠡᠭ ᠲᠡᠭᠡᠨ 6᠂ 7 ᠲᠠᠰ︶   ᠤᠨ  ᠰᠠᠯᠬᠢ  ᠰᠠᠯᠬᠢᠯᠠᠨ᠂  ᠴᠠᠰᠤ ᠤᠷᠤᠵᠤ ᠰᠢᠭᠤᠷᠭ᠎ᠠ ᠲᠡᠭᠳᠡᠬᠦ ᠪᠤᠯᠤᠨ᠎ᠠ᠃  ᠡᠶᠢᠮᠦ ᠠᠴᠠ  ᠂ ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠨ ᠬᠢᠵᠦ᠂   ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠢ᠃  ᠰᠤᠮᠤ ᠰᠢᠶᠠᠩ ᠪᠠᠯᠭᠠᠰᠤᠨ ᠤ  ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠪᠣᠯᠣᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠡᠷᠦᠬᠡ ᠶᠢᠨ ᠴᠡᠷᠢᠭ ᠤᠨ ᠪᠡᠯᠡᠳᠬᠡᠯ ᠠᠩᠬᠢ ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ   ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠰᠠᠶᠢᠨ ᠬᠢᠬᠦ ᠬᠡᠷᠡᠭᠲᠡᠢ᠃     ︵ᠨᠢᠭᠡ︶ ᠴᠠᠭ ᠠᠭᠤᠷ ᠤᠨ ᠰᠠᠯᠠᠭ᠎ᠠ ᠮᠥᠴᠢᠷ ᠨᠢ ᠵᠠᠭᠤᠴᠢᠯᠠᠭᠤᠷ ᠢᠶᠠᠷ ᠲᠠᠮᠵᠢᠨ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ ᠵᠢᠯᠤᠭᠤᠳᠴᠤ ᠪᠠᠶᠢᠭᠠᠳ ᠴᠠᠭ ᠠᠭᠤᠷ ᠤᠨ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠤᠭᠤᠯᠵᠤ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠯᠭᠡᠨ᠂ ᠶᠠᠪᠤᠵᠤ ᠰᠠᠭᠤᠬᠤ  ᠶᠢᠨ ᠠᠮᠤᠷ ᠲᠦᠪᠰᠢᠨ ᠢ  ᠪᠠᠳᠤᠯᠠᠬᠤ ᠬᠡᠷᠡᠭᠲᠡᠢ᠃     ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭᠠᠨ ᠤ ᠰᠠᠯᠠᠭ᠎ᠠ ᠮᠥᠴᠢᠷ  ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠪᠥᠬᠦ ᠬᠦᠴᠦᠨ ᠢᠶᠠᠷ ᠪᠠᠲᠤᠯᠠᠨ᠂  ᠵᠠᠭᠤᠴᠢᠯᠠᠭᠤᠷ ᠢᠶᠠᠷ ᠲᠠᠮᠵᠢᠨ  ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠤᠣᠯ ᠪᠣᠯᠬᠤ ᠵᠠᠮ ᠱᠤᠭᠤᠮ ᠤᠨ ᠮᠥᠰᠥ ᠴᠠᠰᠤ ᠶᠢ ᠠᠷᠢᠯᠭᠠᠨ  ᠂ ᠲᠡᠷᠭᠡ ᠤᠨᠤᠭᠠᠨ ᠤ ᠠᠳᠡᠯ ᠭᠠᠷᠬᠤ  ᠠᠴᠠ ᠰᠡᠷᠭᠡᠶᠢᠯᠡᠬᠦ ᠬᠡᠷᠡᠭᠲᠡᠢ᠃     ︵ᠭᠤᠷᠪᠠ︶ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠵᠡᠷᠭᠡ ᠬᠠᠩᠭᠠᠯᠭ᠎ᠠ ᠶᠢᠨ ᠰᠠᠯᠠᠭ᠎ᠠ ᠮᠥᠴᠢᠷ ᠨᠢ ᠴᠢᠬᠤᠯᠠ ᠲᠦᠬᠦᠭᠡᠷᠦᠮᠵᠢ ᠶᠢᠨ ᠪᠠᠶᠢᠴᠠᠭᠠᠯᠲᠠ ᠶᠢ ᠴᠢᠩᠭᠠᠳᠬᠠᠨ᠂ ᠴᠢᠬᠤᠯᠠ ᠴᠠᠭ ᠠᠭᠤᠷ ᠠᠴᠠ ᠪᠣᠯᠤᠭᠰᠠᠨ ᠬᠠᠩᠭᠠᠯᠭ᠎ᠠ ᠶᠢᠨ ᠨᠡᠮᠡᠭᠳᠡᠯ ᠪᠠ ᠲᠥᠬᠦᠭᠡᠷᠦᠮᠵᠢ ᠶᠢᠨ ᠰᠠᠭᠠᠳ ᠢ ᠴᠠᠭ ᠲᠤᠬᠠᠢ ᠲᠤᠨᠢ ᠠᠷᠭᠠᠴᠠᠵᠤ᠂ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠨ ᠬᠢᠬᠦ ᠬᠡᠷᠡᠭᠲᠡᠢ᠃     ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ  ᠬᠤᠳᠠ ᠶᠢᠨ ᠲᠣᠭᠤᠷᠢᠭ  ᠪᠠ ᠵᠠᠰᠠᠮᠠᠯ ᠵᠠᠮ ᠤᠨ ᠬᠤᠷᠠᠭᠰᠠᠨ ᠴᠠᠰᠤ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠵᠠᠮ ᠢ ᠰᠠᠭᠠᠳ ᠦᠭᠡᠢ ᠨᠡᠪᠳᠡᠷᠡᠬᠦᠯᠬᠦ ᠬᠡᠷᠡᠭᠲᠡᠢ᠃ ᠬᠤᠳᠠ ᠪᠠᠯᠭᠠᠰᠤᠨ ᠤ ᠭᠡᠷ ᠤᠨ ᠳᠡᠭᠡᠪᠦᠷ᠂ ᠫᠠᠶᠢᠰᠠ ᠢᠯᠡᠷᠬᠡᠶᠢᠯᠡᠯ ᠵᠡᠷᠭᠡ ᠶᠢ ᠴᠠᠭ ᠲᠤᠬᠠᠢ ᠳᠤᠨᠢ ᠪᠠᠶᠢᠴᠠᠭᠠᠵᠤ᠂  ᠴᠢᠬᠤᠯᠠᠳᠠᠢ ᠪᠠᠬᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃    ︵ᠲᠠᠪᠤ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ  ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠪᠠ ᠬᠠᠮᠢᠶᠠᠷᠤᠯᠲᠠ ᠶᠢᠨ ᠠᠵᠢᠯ ᠢ ᠰᠠᠶᠢᠨ ᠬᠢᠬᠦ ᠬᠡᠷᠡᠭᠲᠡᠢ᠃     ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠡᠪᠡᠰᠦ ᠪᠣᠷᠳᠤᠭ᠎ᠠ ᠵᠦᠬᠡᠬᠡᠪᠦᠷᠢᠯᠡᠨ ᠤᠷᠤᠭᠤᠯᠵᠤ  ᠨᠦᠬᠡᠴᠡᠯᠡᠨ ᠪᠡᠯᠡᠳᠭᠡᠬᠦ ᠠᠵᠢᠯ ᠢ ᠰᠠᠶᠢᠨ ᠬᠢᠬᠦ ᠬᠡᠷᠡᠭᠲᠡᠢ᠃    ︵ᠲᠤᠯᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠨᠢ ᠵᠢᠵᠢᠬᠦᠷ ᠤᠨ ᠠᠵᠢᠯ ᠢ ᠴᠢᠩᠭᠠᠳᠬᠠᠨ᠂  ᠵᠢᠭᠠᠪᠤᠷᠢ ᠠᠪᠴᠤ ᠮᠡᠳᠡᠬᠦᠯᠦᠯᠳᠡ ᠬᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ   ᠤᠨ ᠪᠠᠴᠢᠮ ᠪᠠᠶᠢᠳᠠᠯ   ᠢ ᠠᠷᠭᠠᠴᠠᠬᠤ  ᠂ ᠴᠠᠭ ᠠᠭᠤᠷ  ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ  ᠯᠦᠭᠡ  ᠠᠵᠢᠯ ᠢᠶᠠᠨ ᠰᠠᠶᠢᠳᠤᠷ ᠵᠤᠯᠭᠠᠭᠤᠯᠤᠨ᠂ ᠬᠢᠯᠪᠠᠷᠬᠠᠨ ᠡᠭᠦᠰᠬᠦ ᠭᠡᠨᠡᠳᠲᠡ ᠡᠭᠦᠰᠬᠦ ᠪᠠᠶᠢᠳᠠᠯ   ᠢ ᠤᠷᠳᠴᠢᠯᠠᠨ ᠰᠡᠷᠭᠡᠶᠢᠯᠡᠬᠦ ᠪᠠ ᠠᠪᠤᠷᠠᠨ ᠲᠤᠰᠠᠯᠠᠬᠤ ᠬᠠᠨᠳᠤᠯᠭᠠᠳᠤ ᠴᠢᠨᠠᠷᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ ᠪᠠ ᠦᠢᠯᠡᠴᠢᠯᠡᠭᠡ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ ᠠᠷᠠᠳ ᠤᠯᠠᠨ ᠤ ᠠᠮᠢ ᠨᠠᠰᠤ  ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ   ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃᡾    ︵ᠨᠠᠢᠮᠠ︶ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠨᠢᠭᠡᠳᠦᠯᠲᠡᠢ ᠲᠥᠯᠥᠪᠯᠡᠬᠦ ᠠᠵᠢᠯ ᠢ ᠰᠠᠶᠢᠨ ᠬᠢᠵᠦ᠂ ᠡᠯ᠎ᠡ  ᠲᠦᠷᠦᠯ ᠤᠨ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ   ᠪᠠᠲᠤᠯᠠᠬᠤ ᠬᠡᠷᠡᠭᠲᠡᠢ᠃     ︵ᠶᠢᠰᠦ︶ ᠠᠵᠤ ᠠᠬᠤᠶᠢᠯᠠᠯ ᠤᠳ ᠨᠢ ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠰᠡᠷᠭᠡᠶᠢᠯᠡᠯᠳᠡ  ᠶᠢᠨ ᠠᠵᠢᠯ ᠢ ᠰᠠᠶᠢᠨ ᠬᠢᠵᠦ᠂  ᠲᠡᠭᠷᠢ ᠮᠠᠭᠤᠳᠠᠬᠤ ᠦᠶᠡᠰ ᠥᠨᠳᠥᠷ ᠳᠡᠭᠡᠷ᠎ᠡ ᠠᠵᠢᠯᠯᠠᠬᠤ᠂ ᠭᠡᠷ ᠤᠨ ᠭᠠᠳᠠᠨ᠎ᠠ ᠠᠵᠢᠯᠯᠠᠬᠤ ᠵᠡᠷᠭᠡ ᠠᠶᠤᠯ ᠶᠡᠬᠡᠳᠡᠢ ᠠᠵᠢᠯ ᠢ  ᠵᠤᠭᠰᠤᠭᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠ ᠵᠢᠯᠤᠭᠤᠳᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃     ᠡᠯ᠎ᠡ ᠰᠤᠮᠤ ᠰᠢᠶᠠᠩ ᠪᠠᠯᠭᠠᠰᠤ᠂  ᠬᠤᠯᠪᠤᠭᠳᠠᠯ ᠪᠦᠬᠦᠢ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠤᠳᠤᠷᠢᠳᠤᠯᠭ᠎ᠠ ᠲᠠᠭᠠᠭᠤᠯᠵᠤ ᠵᠢᠵᠢᠬᠦᠷᠯᠡᠬᠦ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ  ᠨᠠᠶᠢᠳᠠᠪᠤᠷᠢᠵᠢᠭᠤᠯᠵᠤ᠂  ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠡᠨᠡᠳᠲᠡ ᠶᠢᠨ ᠬᠡᠷᠡᠭ ᠢ  ᠰᠢᠢᠳᠪᠦᠷᠢᠯᠡᠵᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠶᠢᠨ ᠬᠠᠮᠲᠤ ᠮᠡᠳᠡᠭᠡ ᠵᠠᠩᠭᠢ ᠬᠦᠷᠭᠡᠬᠦ ᠠᠵᠢᠯ ᠢ ᠬᠢᠨᠠᠮᠠᠭᠠᠢ ᠰᠠᠶᠢᠨ ᠬᠢᠬᠦ ᠬᠡᠷᠡᠭᠲᠡᠢ᠃             ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ 0479 ︱ 5238277       ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119       ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠬᠤ ᠠᠩᠭᠢ᠄ 15148643110       ᠲᠠᠶᠢᠹᠦᠰᠧ ᠬᠤᠰᠢᠭᠤᠨ ᠤ  ᠯᠠᠨ ᠲᠢᠶᠠᠨ ᠠᠪᠤᠷᠠᠨ ᠲᠤᠰᠠᠯᠠᠬᠤ ᠠᠩᠭᠢ᠄ 17304799958 17604799958       ᠲᠠᠶᠢᠹᠤᠰᠧ ᠬᠤᠰᠢᠭᠤᠨ ᠤ ᠬᠦᠨᠪᠤᠯᠠᠭ ᠰᠤᠮᠤ᠄ 0479 ︱ 5887015       ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ᠄ 0479 ︱ 5222227       ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤ᠄ 0479 ︱ 2265107       ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤ᠄ 0479 ︱ 2265514       ᠲᠠᠶᠢᠹᠦᠰᠧ ᠬᠤᠰᠢᠭᠤᠨ ᠤ ᠯᠦᠸᠧ ᠲᠦᠸᠧ ᠱᠠᠨ ᠪᠠᠯᠭᠠᠰᠤ᠄ 0479 ︱ 5855017       ᠲᠠᠶᠢᠹᠤᠰᠧ ᠬᠤᠰᠢᠭᠤᠨ ᠤ ᠬᠤᠩ ᠴᠢ ᠪᠠᠯᠭᠠᠰᠤ᠄ 0479 ︱ 5823064       ᠲᠠᠶᠢᠹᠤᠰᠧ ᠬᠤᠰᠢᠭᠤᠨ ᠤ ᠰᠢᠩ ᠹᠦ᠋ ᠰᠢᠶᠠᠩ᠄ 0479 ︱ 5899968                                                                        ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                       2023 ᠣᠨ ᠤ 11 ᠰᠠᠷ᠎ᠠ ᠶᠢᠨ 22 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号