ᠯᠦᠸᠧ ᠲᠦᠸᠧ ᠱᠠᠨ ᠪᠠᠯᠭᠠᠰᠤᠨ ᠤ ᠬᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠭᠰᠠᠨ
ᠨᠡᠶᠢᠲᠡᠯᠡᠭᠰᠡᠨ ᠴᠠᠭ᠄
2023/11/22
  11 ᠰᠠᠷ᠎ᠠ ᠶᠢᠨ 21 ᠤ ᠡᠳᠦᠷ᠂  ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂  ᠪᠠᠯᠭᠠᠰᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠰᠢᠨ ᠷᠦᠨ ᠵᠢᠶᠠᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠤᠣᠯ ᠰᠡᠳᠦᠪ ᠪᠣᠯᠭᠠᠵᠤ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠭᠰᠠᠨ ᠪᠠᠶᠢᠨ᠎ᠠ᠃ ᠰᠢᠨ ᠷᠦᠨ ᠵᠢᠶᠠᠩ ᠵᠢᠭᠠᠵᠤ ᠭᠠᠷᠭᠠᠬᠤ ᠳᠠᠭᠠᠨ᠂ ︽ᠳᠥᠷᠪᠡ   ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠰᠢ ᠶᠢᠨ ᠫᠢᠩ ᠶᠡᠷᠦᠩᠬᠡᠢ ᠱᠦᠵᠢ   ᠶᠢᠨ ᠹᠦᠵᠢᠶᠠᠨ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠶᠡᠭᠡ ᠪᠠᠷ ᠰᠠᠨᠠᠭᠠᠴᠢᠯᠠᠭᠰᠠᠨ ᠪᠥᠭᠡᠳ ᠪᠡᠶ᠎ᠡ ᠪᠠᠷ   ᠢᠶᠠᠨ ᠬᠡᠷᠡᠭᠵᠢᠭᠦᠯᠵᠦ ᠪᠠᠶᠢᠭᠠᠳ ᠪᠦᠷᠢᠯᠳᠦᠭᠦᠯᠦᠭᠰᠡᠨ ᠠᠵᠢᠯ ᠤᠨ ᠠᠷᠭ᠎ᠠ ᠳᠦᠷᠢᠮ᠂  ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠦᠭᠰᠡᠨ ᠴᠢᠬᠤᠯᠠ ᠶᠡᠭᠡ ᠡᠭᠦᠳᠦᠯᠲᠡ ᠪᠠᠶᠢᠵᠤ᠂ ᠺᠠᠳ᠋ᠷ ᠤᠨ ᠰᠤᠷᠲᠠᠯ ᠢ ᠬᠤᠪᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠵᠡᠷᠭᠡ ᠳᠤ ᠪᠦᠷ ᠴᠢᠬᠤᠯᠠ ᠠᠴᠢ ᠬᠤᠯᠪᠣᠭᠳᠠᠯ ᠲᠠᠢ ᠶᠤᠮ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ ᠭᠠᠷᠳᠠᠴᠠ ᠪᠤᠯᠭᠠᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠤᠨ᠂  ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠢᠳᠡᠪᠬᠢᠲᠡᠢ ᠰᠠᠶᠢᠲᠤᠷ ᠬᠡᠷᠡᠭᠯᠡᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠳᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾   ᠶᠢ ᠣᠨᠣᠯ  ᠰᠤᠷᠤᠯᠴᠠᠬᠤ᠂ ᠪᠠᠶᠢᠴᠠᠭᠠᠨ ᠰᠤᠳᠤᠯᠬᠤ᠂ ᠬᠥᠭᠵᠢᠯᠲᠡ ᠶᠢ ᠠᠬᠢᠭᠤᠯᠬᠤ᠂ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠯᠦᠭᠡ ᠵᠤᠯᠭᠠᠭᠤᠯᠬᠤ  ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠢ᠂  ᠦᠷ᠎ᠡ ᠪᠦᠲᠦᠮᠵᠢ   ᠲᠠᠢ ᠶᠠᠪᠤᠭᠳᠠᠬᠤ  ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号