ᠬᠤᠩ ᠴᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/11/22
  11 ᠰᠠᠷ᠎ᠠ ᠶᠢᠨ 21 ᠤ ᠡᠳᠦᠷ᠂  ᠬᠤᠩ ᠴᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠡᠯ᠎ᠡ ᠲᠣᠰᠬᠤᠨ ᠤ ᠱᠦᠵᠢ᠂ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠬᠡᠰᠢᠬᠦᠳ ᠬᠤᠷᠠᠯ ᠳᠤ ᠤᠷᠤᠯᠴᠠᠪᠠ᠃  ᠬᠤᠷᠠᠯ ᠲᠡᠭᠡᠷ᠎ᠡ᠂ ᠳᠡᠳ᠋ ᠪᠠᠯᠭᠠᠰᠤᠨ ᠳᠠᠷᠤᠭ᠎ᠠ ᠰᠢᠨ ᠱᠤ᠋ ᠴᠢᠶᠠᠩ ᠠᠴᠠ  ︽2023 ᠣᠨ ᠤ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠰᠢᠯᠭᠠᠨ ᠦᠨᠡᠯᠡᠬᠦ ᠲᠦᠰᠦᠪ︾ ᠢ ᠨᠠᠷᠢᠨ ᠲᠠᠶᠢᠯᠪᠤᠷᠢᠯᠠᠭᠰᠠᠨ ᠪᠥᠭᠡᠳ ᠪᠠᠶᠢᠴᠠᠭᠠᠯᠲᠠ ᠶᠢ ᠤᠭᠲᠤᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠦ᠂  ᠵᠣᠬᠢᠶᠠᠨ ᠪᠠᠶᠢᠭᠤᠯᠬᠤ ᠭᠡᠰᠢᠭᠦᠨ ᠯᠢ ᠱᠢ ᠾᠧ ᠠᠴᠠ ᠵᠧᠵᠢᠶᠠᠩ ᠮᠤᠵᠢ ᠶᠢᠨ ︽ᠮᠢᠩᠭᠠᠨ ᠲᠤᠰᠬᠤ ᠢᠶᠠᠷ ᠵᠢᠱᠢᠶ᠎ᠡ ᠦᠵᠡᠬᠦᠯᠵᠦ  ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠲᠠᠢ ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠠᠢ᠃ ᠪᠠᠯᠭᠠᠰᠤᠨ ᠳᠠᠷᠤᠭ᠎ᠠ ᠵᠠᠩ ᠱᠧᠦ ᠴᠢᠶᠠᠩ ᠱᠠᠭᠠᠷᠳᠠᠬᠤ ᠳᠠᠭᠠᠨ᠂ ᠡᠯ᠎ᠡ ᠲᠣᠰᠬᠤᠨ ᠤ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠠᠵᠢᠯᠯᠠᠬᠤ ᠠᠩᠭᠢ ᠶᠢᠨ ᠬᠡᠰᠢᠬᠦᠳ ᠪᠣᠯᠣᠨ ᠨᠢᠭᠡᠳᠦᠭᠡᠷ ᠱᠦᠵᠢ ᠨᠠᠷ ᠡᠷᠭᠡᠪᠰᠢ ᠦᠨᠳᠦᠰᠦᠨ ᠱᠠᠲᠤᠨ ᠳᠤ ᠬᠦᠨᠵᠡᠬᠡᠶᠢᠷᠡᠵᠦ᠂ ᠪᠣᠳᠠᠲᠤ ᠪᠠᠶᠢᠳᠠᠯ ᠢ ᠤᠶᠢᠯᠠᠭᠠᠨ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃  ᠬᠢᠨᠠᠨ ᠰᠢᠯᠭᠠᠬᠤ ᠨᠠᠷᠢᠨ ᠳᠦᠷᠢᠮ ᠲᠠᠢ ᠬᠠᠷᠢᠴᠠᠭᠤᠯᠤᠨ᠂ ᠳᠠᠩᠰᠠ ᠡᠪᠬᠡᠮᠡᠯ ᠢ ᠲᠡᠬᠦᠯᠳᠡᠷᠵᠢᠬᠦᠯᠵᠦ᠂ ᠳᠤᠲᠠᠭᠤ ᠵᠦᠢᠯ ᠢ ᠪᠠᠶᠢᠴᠠᠭᠠᠵᠤ  ᠨᠦᠬᠦᠪᠦᠷᠢᠯᠡᠨ᠂ ᠳᠠᠩᠰᠠ ᠡᠪᠬᠡᠮᠡᠯ ᠤᠨ ᠪᠦᠷᠢᠨ ᠪᠦᠲᠦᠨ ᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠦᠪᠡᠷᠳᠡᠭᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠠᠩᠬᠠᠷᠤᠯ ᠲᠠᠯᠪᠢᠵᠤ᠂  ︽ᠡᠷᠬᠢᠨ ᠬᠠᠷᠠᠬᠤ︾ ᠠᠵᠢᠯ ᠢ ᠦᠷᠨᠢᠬᠦᠯᠦᠨ᠂ ᠨᠢᠭᠤᠭᠳᠠᠮᠠᠯ ᠠᠰᠠᠭᠤᠳᠠᠯ ᠢ ᠤᠷᠢᠳᠴᠢᠯᠠᠨ ᠪᠠᠶᠢᠴᠠᠭᠠᠵᠤ  ᠴᠡᠭᠴᠡᠯᠡᠬᠦ ᠬᠡᠷᠡᠭᠲᠡᠢ ᠭᠡᠵᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠠᠴᠠ᠂ ᠡᠯ᠎ᠡ ᠲᠣᠰᠬᠤᠨ ᠤ ᠠᠵᠢᠯᠯᠠᠬᠤ ᠠᠩᠭᠢ ᠪᠣᠯᠣᠨ ᠨᠢᠭᠡᠳᠦᠭᠡᠷ ᠱᠦᠵᠢ ᠨᠠᠷ ᠡᠨᠡ ᠤᠳᠠᠭᠠᠨ ᠤ ᠰᠢᠯᠭᠠᠨ ᠦᠨᠡᠯᠡᠬᠦ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠪᠠᠶᠢᠴᠠᠭᠠᠯᠲᠠ ᠶᠢ ᠤᠭᠲᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠠᠵᠠ ᠬᠠᠷᠠᠬᠤ ᠪᠤᠳᠤᠯ ᠰᠡᠳᠬᠢᠯ ᠪᠠ ᠠᠯᠵᠠᠭᠤᠷᠠᠵᠤ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠦᠷᠬᠡᠯᠡᠵᠦ᠂ ᠬᠠᠷᠢᠭᠤᠴᠠᠯᠭ᠎ᠠ ᠶᠢᠨ ᠲᠠᠯ᠎ᠠ ᠪᠠᠷ ᠪᠤᠳᠠᠳᠠᠶᠢᠵᠢᠭᠤᠯᠤᠨ᠂ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠰᠠᠶᠢᠲᠤᠷ ᠠᠳᠬᠤᠵᠤ᠂  ᠪᠠᠶᠢᠴᠠᠭᠠᠯᠳᠠ ᠶᠢ  ᠴᠢᠨᠠᠷ ᠰᠠᠶᠢᠲᠠᠢ ᠤᠭᠲᠤᠬᠤ ᠬᠡᠷᠡᠭᠲᠡᠢ᠃  ᠠᠵᠢᠯᠯᠠᠬᠤ ᠠᠩᠭᠢ ᠶᠢᠨ ᠬᠡᠰᠢᠬᠦᠳ ᠪᠠ ᠨᠢᠭᠡᠳᠦᠭᠡᠷ ᠱᠦᠵᠢ ᠨᠠᠷ ᠠᠵᠢᠯ ᠡᠬᠦᠷᠭᠡ ᠶᠢ ᠨᠠᠷᠢᠯᠢᠭᠵᠢᠭᠤᠯᠤᠨ ᠵᠠᠳᠠᠯᠵᠤ᠂ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠬᠤᠶᠠᠷ ᠭᠤᠭᠴᠤᠭ᠎ᠠ ᠶᠢ ᠴᠢᠩᠭ᠎ᠠ ᠡᠵᠡᠮᠳᠡᠵᠦ᠂  ᠵᠦᠷᠢᠶ᠎ᠡ ᠳᠤᠲᠠᠭᠤᠳᠠᠯ ᠪᠠ ᠪᠠᠭᠤᠷᠠᠢ ᠲᠠᠯ᠎ᠠ ᠶᠢ ᠰᠠᠶᠢᠳᠤᠷ ᠠᠩᠬᠠᠷᠤᠨ᠂ ᠤᠨᠢᠨ ᠳᠡᠭᠡᠷ᠎ᠡ ᠨᠢ ᠬᠦᠴᠦᠯᠡᠵᠦ᠂  ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠬᠠᠪᠰᠤᠷᠤᠨ ᠲᠡᠳᠬᠦᠬᠦ ᠠᠵᠢᠯ ᠢ  ᠦᠷᠨᠢᠬᠦᠯᠦᠨ᠂  ᠦᠷ᠎ᠡ ᠪᠦᠲᠦᠮᠵᠢ ᠲᠠᠢ ᠬᠠᠪᠰᠤᠷᠤᠨ ᠲᠡᠳᠬᠦᠵᠦ᠂  ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠬᠠᠨᠤᠮᠵᠢᠳᠠᠢ ᠬᠠᠷᠢᠭᠤᠯᠲᠠ ᠥᠭᠬᠦ  ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号