ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠳᠤ ᠴᠢᠶᠠᠨ ᠶᠢᠨ ᠭᠧᠦ ᠪᠠᠯᠭᠠᠰᠤᠨ ᠤ ᠤᠳᠤᠷᠢᠳᠬᠤ ᠺᠠᠳ᠋ᠷᠴᠤᠳ | ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠡᠭᠡᠨ ᠬᠦᠨᠵᠡᠬᠡᠶᠢᠷᠡᠵᠦ᠂ ᠨᠠᠮ ᠤᠨ ᠭᠡᠰᠢᠭᠦᠨ ᠺᠠᠳ᠋ᠷᠴᠤᠳ ᠲᠤ | ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠠᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ | ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠠᠷ ᠳ᠋ᠠ ᠭᠧ ᠳ᠋ᠦᠩ ᠲᠣᠰᠬᠤᠨ᠂ ᠰᠠᠨ ᠵᠢᠶᠧ ᠲᠣᠰᠬᠤᠨ᠂ ᠳ᠋ᠦᠩ | ᠭᠧ ᠯᠢᠶᠠᠩ ᠲᠣᠰᠬᠤᠨ ᠵᠡᠷᠭᠡ 13 ᠲᠣᠰᠬᠤᠨ ᠳᠤ ᠬᠦᠨᠵᠡᠬᠡᠶᠢᠷᠡᠵᠦ᠂ ᠲᠤᠰᠪᠤᠷᠢ ︽ ︿ᠲᠠᠪᠤᠨ ᠥᠭᠦᠯᠡᠪᠦᠷᠢ﹀ | ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠬᠦ︾᠂ ︽ᠬᠢᠷᠢ ᠲᠡᠩᠴᠡᠭᠰᠡᠨ ᠨᠠᠮ ᠤᠨ ᠭᠡᠰᠢᠭᠦᠨ ᠤ | ᠪᠠᠷᠢᠮᠵᠢᠶ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ | ᠴᠢᠷᠮᠠᠶᠢᠬᠤ︾ ᠵᠡᠷᠭᠡ ᠭᠤᠣᠯ ᠰᠡᠳᠦᠪ ᠤᠨ ᠲᠣᠭᠤᠷᠢᠨ ᠳᠤ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ | ᠠᠮᠢᠳᠤᠯᠢᠭ ᠰᠠᠶᠢᠬᠠᠨ ᠨᠠᠮ ᠤᠨ ᠬᠢᠴᠢᠶᠡᠯ ᠤᠷᠤᠵᠤ᠂ ᠴᠤᠭ ᠰᠦᠯᠳᠡ ᠢ ᠪᠠᠳᠠᠷᠠᠭᠤᠯᠬᠤ᠂ ᠡᠷᠴᠢ ᠵᠣᠷᠢᠭ ᠢ | ᠬᠥᠪᠴᠢᠯᠡᠬᠦ᠂ ᠰᠡᠳᠬᠢᠯ ᠢ ᠨᠢᠭᠡᠳᠬᠡᠨ ᠬᠦᠴᠦᠨ ᠢ ᠲᠥᠪᠯᠡᠷᠡᠭᠦᠯᠬᠦ ᠦᠷ᠎ᠡ ᠳ᠋ᠦᠩ ᠳᠤ ᠬᠦᠷᠭᠡᠭᠰᠡᠨ ᠪᠠᠶᠢᠨ᠎ᠠ᠃ | ᠤᠳᠤᠷᠢᠳᠬᠤ ᠪᠠᠭ ᠤᠨ ᠭᠡᠰᠢᠬᠦᠳ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠤ ᠪᠠᠷ ᠲᠠᠮᠵᠢᠭᠠᠳ᠂ ᠨᠠᠮ ᠤᠨ | ᠭᠡᠰᠢᠭᠦᠨ ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠨᠡᠩ ᠭᠦᠨᠵᠡᠭᠡᠢ ᠣᠶᠢᠯᠠᠭᠠᠭᠤᠯᠵᠠᠢ᠃ | ᠤᠯᠠᠨ ᠢᠶᠠᠷ ᠢᠶᠠᠨ᠂ ᠬᠤᠶᠢᠰᠢᠳᠠ ᠦᠷᠭᠦᠯᠵᠢᠯᠡᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ | ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠵᠤ᠂ ᠪᠣᠳᠠᠲᠠᠢ ᠳᠤ ᠰᠠᠭᠤᠷᠢᠯᠠᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠦᠨᠡᠨ | ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠭᠤᠣᠯ ᠰᠡᠳᠦᠪᠲᠦ ᠬᠥᠮᠦᠵᠢᠯ ᠢ ᠠᠬᠢᠭᠤᠯᠤᠨ᠎ᠠ ᠭᠡᠵᠦ ᠢᠯᠡᠳᠬᠡᠵᠡᠭᠡᠪᠡ᠃ | |