11 ᠰᠠᠷ᠎ᠠ ᠶᠢᠨ 22 ᠤᠨ ᠡᠳᠦᠷ ᠂ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ | ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠶᠢᠨ ᠰᠤᠳᠤᠯᠭᠠᠨ ᠤ ᠲᠠᠰᠤᠭ ︵ᠥᠭᠡᠷᠡᠴᠢᠯᠡᠯᠲᠡ ᠶᠢᠨ ᠠᠯᠪᠠᠨ | ᠭᠡᠷ︶ ᠤᠨ ᠡᠷᠬᠢᠯᠡᠭᠴᠢ ᠪᠠᠢ ᠶᠦᠩ ᠵᠢᠶᠦ᠋ᠨ ᠲᠠᠶᠢᠹᠤᠰᠧ ᠬᠤᠰᠢᠭᠤᠨ ᠳᠤ ᠢᠷᠡᠵᠦ ︽ᠨᠠᠮ ᠤᠨ ᠢᠶᠠᠨ ᠠᠴᠢ ᠳᠤ | ᠲᠠᠯᠠᠷᠬᠠᠨ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ︾ ᠭᠤᠣᠯ ᠰᠡᠳᠦᠪᠲᠦ | ᠤᠬᠠᠭᠤᠯᠭ᠎ᠠ ᠲᠠᠶᠢᠯᠤᠮᠵᠢ ᠬᠢᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ | ᠮᠡᠳᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠦᠭᠡᠳ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃ ᠪᠠᠢ ᠶᠦᠩ ᠵᠢᠶᠦ᠋ᠨ | ︽︿ᠲᠠᠪᠤᠨ ᠦᠬᠦᠯᠡᠪᠦᠷᠢ﹀ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ | ᠭᠦᠨᠵᠡᠭᠡᠢ ᠤᠶᠢᠯᠠᠭᠠᠬᠤ᠂ ︿ᠰᠠᠨᠠᠯ﹀ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠪᠦᠬᠦ | ᠲᠠᠯ᠎ᠠ ᠪᠠᠷ ᠣᠨᠣᠪᠴᠢᠲᠠᠢ ᠡᠵᠡᠮᠰᠢᠬᠦ ᠂ ᠲᠠᠯᠠᠷᠬᠠᠯ ᠤᠨ ᠰᠡᠳᠬᠢᠯ ᠪᠠ ᠤᠷᠤᠭᠰᠢᠯᠠᠯᠳᠠ ᠶᠢᠨ ᠵᠣᠷᠢᠭ ᠢᠶᠠᠷ ︿ᠰᠠᠨᠠᠯ﹀ | ᠢ ᠲᠤᠤᠱᠯᠠᠭᠤᠯᠤᠨ ᠨᠠᠶᠢᠳᠠᠪᠤᠷᠢᠵᠢᠭᠤᠯᠬᠤ︾ ᠵᠡᠷᠭᠡ ᠲᠦᠷᠪᠡᠨ ᠲᠠᠯ᠎ᠠ ᠪᠠᠷ ᠠᠮᠢᠳᠤᠯᠢᠭ ᠰᠠᠶᠢᠬᠠᠨ ᠲᠠᠶᠢᠯᠤᠮᠵᠢ | ᠬᠢᠭᠰᠡᠨ ᠪᠠᠶᠢᠨ᠎ᠠ᠃ ᠲᠠᠷᠠᠭ᠎ᠠ ᠨᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠰᠠ ᠲᠠᠶᠢᠹᠦᠰᠧ | ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠳᠤ ᠬᠦᠨᠵᠡᠬᠡᠶᠢᠷᠡᠵᠦ᠂ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠵᠡᠢ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠬᠠᠢ | ᠯᠢ ᠮᠡᠳᠡᠭᠦᠯᠦᠯᠲᠡ ᠶᠢᠨ ᠬᠤᠷᠠᠯ ᠢ ᠡᠷᠬᠢᠯᠡᠪᠡ᠃ ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠶᠢᠨ ᠰᠡᠳᠦᠪ ᠨᠢ | ᠲᠣᠳᠣ᠂ ᠭᠤᠣᠯᠳᠠᠯᠭ᠎ᠠ ᠨᠢ ᠲᠣᠪᠣᠶᠢᠮ᠎ᠠ᠂ ᠯᠣᠭᠢᠭ ᠨᠢ ᠨᠢᠭᠲᠠ᠂ ᠤᠯᠤᠰ ᠲᠥᠷᠥ ᠶᠢᠨ ᠥᠨᠳᠥᠷᠴᠡ ᠲᠠᠢ | ᠮᠥᠷᠲᠡᠭᠡᠨ ᠣᠨᠣᠯ ᠤᠨ ᠭᠦᠨᠴᠡ ᠲᠠᠢ ᠪᠠᠶᠢᠵᠤ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠨᠠᠮ ᠤᠨ ᠵᠢᠨᠨᠠᠴᠢ | ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠡᠬᠦᠷᠢᠳᠡ ᠳᠠᠭᠠᠬᠤ ᠪᠠᠲᠤ ᠴᠢᠩᠭ᠎ᠠ ᠬᠦᠰᠡᠯᠡᠩ | ᠢᠲᠡᠭᠡᠯ ᠵᠣᠷᠢᠭ ᠢ ᠤᠯᠠᠮ ᠪᠠᠲᠤᠳᠬᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠨ | ᠨᠡᠪᠳᠡᠷᠬᠡᠢ ᠡᠵᠡᠮᠰᠢᠵᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠳᠤ | ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠪᠠ ᠠᠬᠢᠭᠤᠯᠬᠤ ᠦᠢᠯᠡᠳᠦᠯ ᠭᠠᠷᠭᠠᠭᠰᠠᠨ ᠪᠠᠶᠢᠨ᠎ᠠ᠃ | ᠬᠤᠷᠠᠯ ᠳᠤ ᠣᠷᠣᠯᠴᠠᠭᠰᠠᠳ ᠢᠯᠡᠷᠭᠡᠶᠢᠯᠡᠬᠦ ᠳᠡᠭᠡᠨ᠂ ᠬᠤᠶᠢᠰᠢᠳᠠ ︽ᠰᠠᠨᠠᠯ︾ ᠤᠨ ᠵᠣᠷᠢᠭ ᠰᠠᠨᠠᠭ᠎ᠠ ᠶᠢ ᠪᠣᠳᠠᠲᠠᠢ | ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠦᠢᠯᠡᠳᠦᠯᠭᠡ ᠳᠤ ᠢᠳᠡᠪᠬᠢᠲᠡᠢ | ᠤᠷᠤᠯᠴᠠᠨ᠂ ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠦᠨ᠎ᠡ ᠭᠡᠵᠡᠭᠡᠪᠡ᠃ ᠪᠥᠬᠦ | ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠡᠷᠭᠡ 320 ᠭᠠᠷᠤᠢ ᠬᠥᠮᠥᠨ | ᠬᠤᠷᠠᠯ ᠳᠤ ᠣᠷᠣᠯᠴᠠᠵᠠᠢ᠃ |