11 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠤᠨ ᠮᠠ ᡂᠢ ᠺᠧᠦ ᠪᠠᠭ᠎ᠠ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠲᠠᠶᠢᠹᠤᠰᠧ | ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠳᠤ ᠢᠷᠡᠵᠦ᠂ ︽ᠭᠠᠷ ᠭᠠᠷ ᠢᠶᠠᠨ ᠬᠦᠳᠦᠯᠦᠯᠴᠡᠵᠦ ᠬᠠᠮᠲᠤ ᠪᠠᠷ | ᠦᠰᠦᠨ ᠪᠣᠶᠢᠵᠢᠬᠤ︾ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠪᠡ᠃ ᠮᠠ ᡂᠢ ᠺᠧᠦ ᠪᠠᠭ᠎ᠠ | ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠨᠠᠷ ᠠᠴᠠ ᠲᠠᠪᠤᠳᠤᠭᠠᠷ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠣᠳᠣᠬᠢ ᠪᠠᠶᠢᠳᠠᠯ ᠪᠣᠯᠣᠨ ᠪᠤᠳᠠᠳᠠᠢ ᠬᠡᠷᠡᠭᠴᠡᠭᠡ ᠳᠤ ᠴᠢᠭᠯᠡᠭᠦᠯᠦᠨ᠂ ᠭᠤᠣᠯ ᠰᠡᠳᠦᠪ ᠨᠢ ᠲᠣᠳᠣ᠂ | ᠠᠭᠤᠯᠭ᠎ᠠ ᠪᠠᠷ ᠪᠠᠶᠠᠯᠢᠭ ᠬᠢᠴᠢᠶᠡᠯ ᠲᠠᠶᠢᠯᠤᠮᠵᠢ ᠶᠢ ᠪᠡᠯᠡᠳᠬᠡᠵᠦ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠶᠢᠨ | ᠠᠬᠤᠢ ᠪᠠᠶᠢᠳᠠᠯ ᠳᠣᠣᠷᠠᠬᠢ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠠᠩᠭ᠍ᠯᠢ ᠬᠡᠯᠡᠨ ᠤ ᠵᠢᠭᠠᠨ ᠰᠤᠷᠭᠠᠯᠲᠠ ᠶᠢᠨ | ᠠᠷᠭ᠎ᠠ ᠂ ᠲᠣᠭᠠᠨ ᠤ ᠤᠬᠠᠭᠠᠨ ᠤ ᠰᠡᠳᠬᠢᠬᠦᠢ ᠶᠢ ᠬᠥᠮᠥᠵᠢᠭᠦᠯᠬᠦ ᠠᠷᠭ᠎ᠠ ᠵᠢᠴᠢ ᠰᠣᠷᠣᠭᠴᠢ ᠶᠢᠨ ᠶᠡᠷᠦᠩᠬᠡᠢ ᠬᠡᠪ | ᠴᠢᠨᠠᠷ ᠤᠨ ᠦᠨᠡᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯᠠᠪᠠᠷ ᠭᠦᠨᠵᠡᠭᠡᠢ ᠮᠦᠷᠳᠡᠭᠡᠨ | ᠣᠶᠢᠯᠠᠭᠠᠮᠵᠢᠲᠠᠢ ᠬᠢᠴᠢᠶᠡᠯ ᠲᠠᠶᠢᠯᠤᠮᠵᠢ ᠬᠢᠵᠡᠢ᠃ ᠲᠤᠰᠬᠠᠢ ᠮᠡᠷᠭᠡᠵᠢᠯᠲᠡᠳ ᠪᠠᠰᠠ ᠬᠢᠴᠢᠶᠡᠯ ᠤᠨ ᠲᠠᠩᠬᠢᠮ ᠳᠤ | ᠭᠦᠨᠵᠡᠭᠡᠶᠢᠷᠡᠵᠦ᠂ ᠪᠠᠭᠰᠢ ᠨᠠᠷ ᠤᠨ ᠬᠢᠴᠢᠶᠡᠯ ᠢ ᠰᠤᠨᠤᠰᠤᠭᠰᠠᠨ ᠤ ᠳᠠᠷᠠᠭ᠎ᠠ᠂ ᠵᠢᠭᠠᠨ ᠰᠤᠷᠭᠠᠯᠲᠠ ᠶᠢᠨ ᠠᠭᠤᠯᠭ᠎ᠠ᠂ | ᠵᠢᠭᠠᠨ ᠰᠤᠷᠭᠠᠯᠲᠠ ᠶᠢᠨ ᠠᠷᠭ᠎ᠠ᠂ ᠪᠠᠭᠰᠢ ᠰᠤᠷᠤᠭᠴᠢᠳ ᠤᠨ ᠬᠠᠷᠢᠯᠴᠠᠭ᠎ᠠ ᠵᠡᠷᠭᠡ ᠣᠯᠠᠨ ᠲᠠᠯ᠎ᠠ ᠠᠴᠠ ᠨᠠᠷᠢᠨ | ᠨᠢᠮᠪᠠᠢ ᠦᠨᠡᠯᠡᠯᠲᠡ ᠪᠠ ᠵᠢᠯᠣᠭᠤᠳᠤᠯᠭ᠎ᠠ ᠬᠢᠭᠰᠡᠨ ᠪᠠᠶᠢᠨ᠎ᠠ᠃ ᠡᠬᠦᠨ ᠤ ᠬᠠᠮᠳᠤ᠂ ᠲᠠᠪᠤᠳᠤᠭᠠᠷ ᠪᠠᠭ᠎ᠠ | ᠰᠤᠷᠭᠠᠭᠤᠯᠢ ᠶᠢᠨ ᠪᠠᠭᠰᠢ ᠨᠠᠷ ᠲᠠᠢ ᠰᠠᠨᠠᠯ ᠢᠶᠠᠨ ᠰᠣᠯᠢᠯᠴᠠᠵᠤ᠂ ᠥᠪᠡᠷ ᠥᠪᠡᠷ ᠤᠨ ᠵᠢᠭᠠᠨ ᠰᠤᠷᠭᠠᠯᠲᠠ ᠶᠢᠨ | ᠠᠷᠭ᠎ᠠ ᠲᠤᠷᠰᠢᠯᠭ᠎ᠠ ᠪᠠ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ ᠡᠨᠡ ᠤᠳᠠᠭᠠᠨ ᠤ ᠠᠵᠢᠯᠯᠠᠭ᠎ᠠ ᠨᠢ | ᠬᠤᠶᠠᠷ ᠰᠤᠷᠭᠠᠭᠤᠯᠢ ᠳᠤ ᠡᠷᠬᠢᠮ ᠨᠠᠨᠳᠢᠨ ᠰᠣᠯᠢᠯᠴᠠᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ | ᠲᠠᠪᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠨᠠᠷ ᠲᠤ ᠦᠨᠡᠨ ᠪᠣᠳᠠᠲᠠᠢ ᠠᠷᠭ᠎ᠠ ᠲᠤᠷᠰᠢᠯᠭ᠎ᠠ ᠦᠪᠯᠡᠬᠦᠯᠵᠦ᠂ | ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | ᠤᠯᠠᠨ ᠢᠶᠠᠷ ᠢᠶᠠᠨ᠂ ᠲᠤᠰᠬᠠᠢ ᠮᠡᠷᠭᠡᠵᠢᠯᠲᠡᠳ ᠤᠨ ᠵᠢᠯᠣᠭᠤᠳᠤᠯᠭ᠎ᠠ ᠪᠠ ᠬᠠᠪᠰᠤᠷᠤᠯᠭ᠎ᠠ ᠲᠤᠤᠷ᠎ᠠ ᠰᠢᠨ᠎ᠡ | ᠬᠢᠴᠢᠶᠡᠯ ᠤᠨ ᠥᠭᠡᠷᠡᠴᠢᠯᠡᠯᠲᠡ ᠶᠢᠨ ᠠᠬᠤᠢ ᠪᠠᠶᠢᠳᠠᠯ ᠳᠣᠣᠷᠠᠬᠢ ᠵᠢᠭᠠᠨ ᠰᠤᠷᠭᠠᠯᠲᠠ ᠶᠢᠨ ᠲᠤᠬᠠᠢ ᠨᠡᠩ ᠭᠦᠨᠵᠡᠭᠡᠢ | ᠣᠶᠢᠯᠠᠭᠠᠯᠲᠠ ᠪᠠ ᠲᠠᠨᠢᠯᠲᠠ ᠲᠠᠢ ᠪᠤᠯᠵᠤ᠂ ᠰᠢᠯᠢᠳᠡᠭ ᠰᠠᠶᠢᠨ ᠵᠢᠭᠠᠨ ᠰᠤᠷᠭᠠᠯᠲᠠ ᠶᠢᠨ ᠠᠷᠭ᠎ᠠ ᠲᠤᠷᠰᠢᠯᠭ᠎ᠠ ᠶᠢ | ᠡᠵᠡᠮᠰᠢᠯ᠎ᠡ ᠭᠡᠵᠦ ᠢᠯᠡᠳᠬᠡᠵᠡᠭᠡᠪᠡ᠃ |