11 ᠰᠠᠷ᠎ᠠ ᠶᠢᠨ 22 ᠤᠨ ᠡᠳᠦᠷ᠂ ᠬᠦᠨᠪᠤᠯᠠᠭ ᠰᠤᠮᠤ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠰᠢᠯᠭᠠᠨ ᠦᠨᠡᠯᠡᠬᠦ ᠪᠠᠶᠢᠴᠠᠭᠠᠯᠳᠠ ᠶᠢᠨ | ᠠᠵᠢᠯ ᠢ ᠤᠭᠲᠤᠬᠤ ᠲᠣᠬᠢᠷᠠᠭᠤᠯᠤᠯᠲᠠ ᠶᠢᠨ ᠬᠤᠷᠠᠯ ᠬᠢᠵᠦ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ | ᠭᠠᠴᠠᠭᠠᠨ ᠤ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂ ᠭᠠᠴᠠᠭ᠎ᠠ ᠳᠠᠭᠠᠭᠠᠴᠢᠯᠠᠭᠰᠠᠨ ᠺᠠᠳ᠋ᠷ᠂ | ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠤᠮᠤᠨ ᠤ | ᠨᠠᠮ ᠤᠨ ᠬᠤᠷᠢᠶᠠᠨ ᠤ ᠭᠡᠰᠢᠭᠦᠨ᠂ ᠳᠡᠳ᠋ ᠰᠤᠮᠤᠨ ᠳᠠᠷᠤᠭ᠎ᠠ ᠦᠷᠴᠠᠶᠢᠬᠤ ᠠᠴᠠ ︽2023 ᠣᠨ ᠤ ᠠᠶᠢᠮᠠᠭ | ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠰᠢᠯᠭᠠᠨ ᠦᠨᠡᠯᠡᠬᠦ ᠠᠵᠢᠯ ᠤᠨ ᠲᠦᠰᠦᠪ︾ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠠᠵᠢᠯ ᠡᠬᠦᠷᠭᠡ ᠶᠢ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ | ᠲᠠᠯᠠᠪᠠᠷ ᠴᠢᠬᠤᠯᠠᠴᠢᠯᠠᠨ ᠱᠠᠭᠠᠷᠳᠠᠪᠠ᠃ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ | ᠭᠡᠷ ᠤᠨ ᠡᠷᠬᠢᠯᠡᠭᠴᠢ ᠶᠠᠩ ᠪᠢᠨ ᠠᠴᠠ᠂ ᠡᠯ᠎ᠡ ᠭᠠᠴᠠᠭ᠎ᠠ ᠨᠢ ᠲᠠᠩᠰᠠ ᠮᠠᠲ᠋ᠧᠷᠢᠶᠠᠯ ᠢᠶᠠᠨ ᠪᠦᠷᠢᠨᠰᠢᠬᠦᠯᠵᠦ᠂ | ᠲᠤᠳᠠᠵᠤ ᠪᠠᠶᠢᠭ᠎ᠠ ᠵᠦᠢᠯ ᠢ ᠨᠦᠬᠦᠪᠦᠷᠢᠯᠡᠨ᠂ ᠱᠠᠭᠠᠷᠳᠠᠯᠭ᠎ᠠ ᠪᠠᠷᠢᠮᠵᠢᠶ᠎ᠠ ᠲᠠᠢ ᠬᠠᠷᠭᠤᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠴᠠᠭᠠᠯᠳᠠ ᠶᠢᠨ ᠠᠵᠢᠯ ᠢ ᠰᠠᠶᠢᠨ ᠬᠢᠵᠦ᠂ ᠡᠷᠦᠬᠡ ᠪᠦᠷᠢ ᠶᠢᠨ | ᠪᠤᠳᠠᠳᠠᠢ ᠪᠠᠶᠢᠳᠠᠯ ᠢ ᠡᠵᠡᠮᠰᠢᠨ᠂ ᠪᠠᠳᠤᠯᠠᠭᠠᠨ ᠳᠤ ᠤᠷᠤᠬᠤ ᠶᠣᠰᠣᠲᠠᠢ ᠶᠢ ᠨᠢ ᠪᠠᠳᠤᠯᠠᠭᠠᠨ ᠳᠤ ᠵᠠᠪᠠᠯ | ᠤᠷᠤᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠤᠬᠠᠭᠤᠯᠬᠤ | ᠭᠡᠰᠢᠭᠦᠨ ᠰᠤᠯᠤᠩᠭᠤᠸ᠎ᠠ ᠠᠴᠠ ᠡᠯ᠎ᠡ ᠭᠠᠴᠠᠭᠠᠨ ᠤ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ | ᠬᠤᠪᠢ ᠬᠤᠷᠠᠮᠳᠤᠭᠤᠯᠬᠤ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠪᠣᠳᠠᠲᠠᠢ | ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠤ ᠳᠠᠷᠤᠭ᠎ᠠ | ᠭᠦᠸᠧ ᠰᠢᠶᠣᠣ ᠮᠧᠩ ᠴᠢᠬᠤᠯᠠᠴᠢᠯᠠᠬᠤ ᠳᠠᠭᠠᠨ᠂ ᠡᠯ᠎ᠡ ᠭᠠᠴᠠᠭ᠎ᠠ ᠨᠢ ᠡᠨᠡ ᠤᠳᠠᠭᠠᠨ ᠤ ᠰᠢᠯᠭᠠᠨ ᠦᠨᠡᠯᠡᠬᠦ ᠠᠵᠢᠯ | ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠯᠮᠠᠶᠢᠷᠠᠵᠤ | ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠨ᠂ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠰᠠᠭᠤᠳᠠᠯ ᠢ ᠨᠢᠮᠪᠠᠢ ᠰᠢᠢᠳᠪᠦᠷᠢᠯᠡᠨ᠂ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠠᠴᠠᠭᠠᠨ ᠳᠤ | ᠰᠠᠭᠤᠭ᠎ᠠ ᠠᠵᠢᠯᠯᠠᠬᠤ ᠠᠩᠭᠢ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷᠴᠤᠳ ᠦᠷᠭᠦᠯᠵᠢᠯᠡᠨ ᠡᠷᠦᠬᠡ ᠳᠤ | ᠬᠦᠨᠵᠡᠬᠡᠶᠢᠷᠡᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠨ ᠬᠢᠵᠦ᠂ ᠶᠠᠳᠠᠭᠤ | ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ | ᠡᠷᠦᠬᠡ ᠶᠢᠨ ᠪᠠᠶᠢᠳᠠᠯ ᠢ ᠣᠨᠣᠪᠴᠢᠲᠠᠶ ᠡᠵᠡᠮᠰᠢᠨ᠂ ︽ᠭᠤᠷᠪᠠ ᠶᠢ ᠪᠠᠲᠤᠯᠠᠬᠤ︾᠂ ᠠᠶᠤᠯᠬᠦᠢ ᠤᠰᠤ ᠤᠮᠳᠠ᠂ | ᠠᠵᠢᠯ ᠤᠯᠤᠯᠳᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠵᠡᠷᠭᠡ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠷᠢᠭᠤ ᠲᠤᠰᠬᠠᠭᠰᠠᠨ | ᠠᠰᠠᠭᠤᠳᠠᠯ ᠤᠨ ᠲᠤᠬᠠᠢ ᠲᠠᠬᠢᠨ ᠲᠠᠪᠳᠠᠨ ᠬᠠᠷᠭᠤᠭᠤᠯᠤᠨ ᠪᠠᠶᠢᠴᠠᠭᠠᠵᠤ᠂ ᠠᠰᠠᠭᠤᠳᠠᠯ ᠨᠢᠬᠡᠪᠦᠷᠢ ᠶᠢ ᠦᠨᠡᠨ | ᠪᠤᠳᠠᠳᠠᠢ ᠴᠡᠭᠴᠡᠯᠡᠨ ᠰᠠᠶᠢᠵᠢᠷᠠᠭᠤᠯᠵᠤ᠂ ᠭᠡᠷᠡᠴᠢ ᠮᠠᠲ᠋ᠧᠷᠢᠶᠠᠯ ᠢ ᠨᠠᠷᠢᠯᠢᠭ ᠪᠣᠳᠠᠲᠠᠢ ᠪᠦᠭᠡᠳ ᠪᠦᠷᠢᠨ ᠭᠦᠢᠴᠡᠳ | ᠪᠠᠶᠢᠯᠭᠠᠬᠤ ᠭᠡᠷᠡᠭᠳᠡᠢ᠃ ᠡᠯ᠎ᠡ ᠭᠠᠴᠠᠭ᠎ᠠ ᠨᠢ ᠵᠠᠮ ᠤᠨ ᠬᠤᠶᠠᠷ ᠬᠠᠵᠠᠭᠤ᠂ ᠭᠡᠷ ᠬᠦᠷᠢᠶᠡᠨ ᠤ ᠠᠷᠤ ᠡᠮᠦᠨᠡᠬᠢ | ᠣᠷᠴᠢᠨ ᠲᠣᠭᠤᠷᠢᠨ ᠤ ᠴᠡᠪᠡᠷᠯᠡᠭᠡ ᠶᠢ ᠰᠠᠶᠢᠨ ᠬᠢᠵᠦ᠂ ᠠᠷᠢᠭᠤᠨ ᠴᠡᠪᠡᠷ ᠣᠷᠴᠢᠨ ᠲᠣᠭᠤᠷᠢᠨ ᠪᠠ ᠰᠢᠯᠢᠳᠡᠭ | ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠯᠳᠠ ᠶᠢ ᠤᠭᠲᠤᠬᠤ | ᠬᠡᠷᠡᠭᠲᠡᠢ ᠭᠡᠪᠡ᠃ |