ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ | ᠲᠥᠯᠥᠭᠡ᠂ 11 ᠰᠠᠷ᠎ᠠ ᠶᠢᠨ 23 ᠠᠴᠠ 24 ᠤ ᠡᠳᠦᠷ ᠪᠣᠯᠲᠠᠯ᠎ᠠ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ | ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ | ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠵᠡᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ | ᠫᠧᠩ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠣᠮ ᠤᠩᠰᠢᠬᠤ ᠠᠩᠭᠢ ᠳᠤ ᠣᠷᠣᠯᠴᠠᠪᠠ᠃ | ᠬᠤᠶᠠᠷ ᠡᠳᠦᠷ ᠤᠨ ᠬᠤᠭᠤᠴᠠᠭ᠎ᠠ ᠲᠠᠢ ᠨᠤᠮ ᠤᠩᠰᠢᠬᠤ ᠠᠩᠭᠢ ᠨᠢ ᠬᠠᠮᠳᠤ ᠳᠠᠭᠠᠨ ᠨᠣᠮ ᠤᠩᠰᠢᠬᠤ᠂ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠬᠡᠯᠪᠡᠷᠢ ᠪᠠᠷ ᠶᠠᠪᠤᠭᠳᠠᠵᠤ᠂ ︽ᠰᠢ ᠶᠢᠨ ᠫᠢᠩ ᠤᠨ | ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠂ ︽ᠰᠢ ᠶᠢᠨ ᠫᠢᠩ ᠤᠨ ᠪᠠᠶᠢᠴᠠᠭᠠᠨ | ᠰᠤᠳᠤᠯᠤᠯᠲᠠ ᠶᠢᠨ ᠲᠤᠬᠠᠢ ᠥᠭᠦᠯᠡᠯᠲᠡ ᠶᠢᠨ ᠡᠮᠬᠢᠳᠭᠡᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ | ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠡᠮᠬᠢᠳᠭᠡᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠮᠬᠢᠳᠭᠡᠯ︾᠂ ︽ᠲᠠᠪᠤᠨ | ᠶᠡᠭᠡ ᠡᠬᠦᠷᠭᠡ ᠶᠢᠨ ᠲᠤᠬᠠᠢ ᠺᠠᠳ᠋ᠷ ᠤᠨ ᠤᠩᠰᠢᠬᠤ ᠪᠢᠴᠢᠭ︾ ᠵᠡᠷᠭᠡ ᠰᠤᠷᠤᠯᠴᠠᠬᠤ ᠮᠠᠲ᠋ᠧᠷᠢᠶᠠᠯ ᠢ ᠶᠢ ᠨᠠᠷᠢᠨ | ᠬᠢᠨᠠᠮᠠᠭᠠᠢ ᠤᠩᠰᠢᠨ ᠰᠤᠳᠤᠯᠤᠭᠰᠠᠨ ᠤ ᠬᠠᠮᠳᠤ᠂ ︽ᠨᠠᠢᠮᠠᠨ ᠶᠡᠭᠡ ᠪᠠᠶᠢᠯᠳᠤᠬᠤ ᠪᠣᠳᠣᠯᠭ᠎ᠠ︾᠂ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠵᠡᠷᠭᠡ ᠲᠤᠰᠬᠠᠢ ᠰᠡᠳᠦᠪ ᠤᠨ ᠲᠤᠭᠤᠷᠢᠨ ᠳᠤ ᠰᠤᠳᠤᠯᠤᠨ ᠶᠠᠷᠢᠯᠴᠠᠵᠠᠢ᠃ | ᠵᠣᠣ ᠹᠧᠢ ᠫᠧᠩ ᠶᠠᠷᠢᠶᠠᠨ ᠳᠠᠭᠠᠨ᠂ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠵᠥᠪ ᠤᠨᠤᠪᠴᠢᠳᠠᠢ ᠵᠠᠰᠠᠭ ᠤᠨ ᠠᠵᠢᠯ ᠤᠨ ᠠᠮᠵᠢᠯᠲᠠ ᠶᠢᠨ | ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠠᠷᠠᠳ ᠤᠯᠠᠨ ᠤ ᠠᠮᠤᠷ ᠲᠦᠪᠰᠢᠨ ᠪᠠ ᠬᠦᠴᠢᠷ | ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ | ᠲᠦᠷᠦᠯ ᠬᠤᠪᠢᠶᠠᠵᠤ ᠵᠢᠭᠠᠨ ᠵᠢᠯᠤᠭᠤᠳᠬᠤ ᠠᠵᠢᠯ ᠤᠨ ᠠᠷᠭ᠎ᠠ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ | ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠬᠦᠷᠳᠡᠭᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ | ᠃ |