︽ᠠᠵᠠ ᠵᠢᠷᠭᠠᠯ ᠤᠨ ᠵᠠᠮ︾ ᠢ ᠲᠡᠪᠢᠰᠴᠦ ᠠᠮᠢᠳᠤᠷᠠᠯ ᠦᠢᠯᠡᠳᠪᠦᠷᠢᠯᠡᠯ ᠤᠨ ᠨᠦᠬᠦᠴᠡᠯ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2023/11/28
   ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠬᠦᠳᠡᠭᠡ ᠲᠣᠰᠬᠤᠨ ᠤ ᠬᠦᠭᠵᠢᠯᠳᠡ ᠶᠢᠨ ᠲᠥᠯᠦᠪᠵᠢᠭᠦᠯᠭᠡ ᠳᠤ ᠰᠠᠭᠤᠷᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠪᠠᠶᠢᠭᠤᠯᠤᠯᠲᠠ ᠶᠢᠨ ᠡᠭᠦᠷᠭᠡ ᠬᠠᠷᠠᠯᠲᠠ ᠶᠢ ᠵᠣᠬᠢᠰᠲᠠᠢ ᠲᠤᠭᠳᠠᠭᠠᠨ᠂ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠢᠷᠡᠵᠡᠢ  ᠃ 2023 ᠣᠨ ᠳᠤ ᠨᠡᠶᠢᠲᠡ 8963.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 73.064 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠤᠭᠰᠠᠨ ᠪᠦᠭᠡᠳ 1971 ᠲᠦᠮᠡᠨ ᠲᠥᠭᠦᠷᠢᠭ ᠤᠨ ᠪᠡᠯᠡ ᠣᠷᠣᠭᠤᠯᠵᠤ᠂  26 ᠵᠤᠷᠪᠤᠰ ︵98.49 ᠺᠢᠯᠣᠮᠧᠲᠷ︶  ᠵᠠᠰᠠᠮᠠᠯ ᠵᠠᠮ ᠳᠤ ᠵᠠᠰᠠᠯᠳᠠ ᠶᠢᠨ ᠴᠢᠨᠠᠷᠲᠠᠢ ᠪᠠ  ᠰᠡᠷᠭᠡᠶᠢᠯᠡᠯᠳᠡ ᠶᠢᠨ ᠴᠢᠨᠠᠷᠲᠠᠢ  ᠠᠷᠠᠴᠢᠯᠠᠭ᠎ᠠ ᠬᠢᠵᠦ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂  ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠵᠠᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃  ︽Y914︾ ᠵᠠᠮ ᠪᠣᠯ ᠯᠦᠸᠧ ᠲᠦᠸᠧ ᠱᠠᠨ ᠪᠠᠯᠭᠠᠰᠤ ᠠᠴᠠ  ︽514︾ ᠵᠠᠮ ᠬᠦᠷᠬᠦ ᠴᠢᠬᠤᠯᠠ ᠵᠠᠮ ᠪᠠᠶᠢᠵᠤ᠂ ᠯᠦᠸᠧ ᠲᠦᠸᠧ ᠱᠠᠨ ᠪᠠᠯᠭᠠᠰᠤᠨ ᠤ 8 ᠲᠣᠰᠬᠤᠨ ᠢᠶᠠᠷ ᠦᠩᠭᠡᠷᠡᠵᠦ᠂ 4113 ᠡᠷᠦᠬᠡ᠂ 8973 ᠬᠥᠮᠥᠨ ᠲᠠᠢ ᠬᠤᠯᠪᠣᠭᠳᠠᠨ᠎ᠠ᠃ ᠡᠨᠡ ᠵᠢᠯ᠂ ᠲᠠᠶᠢᠹᠤᠰᠧ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠨᠢ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠪᠠᠷ ᠡᠷᠡᠮᠡᠯᠵᠡᠯᠡᠨ ᠤᠯᠵᠤ᠂ ᠲᠣᠰ ᠵᠠᠮ ᠤᠨ ᠴᠢᠨᠠᠷ ᠢ ᠰᠠᠶᠢᠵᠢᠷᠠᠭᠤᠯᠬᠤ ᠦᠬᠡᠷᠡᠴᠢᠯᠡᠯᠳᠡ ᠶᠢᠨ ᠢᠨᠵᠧᠨᠧᠷᠢᠩ ᠢ  ᠭᠡᠷᠡᠭᠵᠢᠬᠦᠯᠦᠭᠡᠳ᠂ ᠬᠦᠨᠳᠦ ᠨᠣᠴᠢᠲᠠᠢ ᠡᠪᠳᠡᠭᠳᠡᠭᠰᠡᠨ   6 ᠮᠧᠲᠷ  ᠽᠧᠮᠧᠨ᠋ᠲ ᠵᠠᠮ ᠢ ᠭᠤᠷᠪᠠᠳᠤᠭᠠᠷ ᠳᠡᠰ ᠤᠨ ᠪᠠᠷᠢᠮᠵᠢᠶ᠎ᠠ ᠪᠠᠷ ᠦᠬᠡᠷᠡᠴᠢᠯᠡᠨ ᠪᠠᠶᠢᠭᠤᠯᠵᠤ᠂ 6.5 ᠮᠧᠲᠷ ᠤᠨ ᠪᠠᠷᠤᠭᠰᠢᠨ ᠵᠠᠮ ᠪᠤᠯᠭᠠᠵᠠᠢ᠃     ᠲᠠᠶᠢᠹᠦᠰᠧ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠯᠢ ᠮᠢᠨ ᠴᠢ᠄   ︽Y914︾ ᠵᠠᠮ ᠤᠨ ᠪᠥᠬᠦ ᠣᠷᠳᠣ ᠨᠢ 40.8 ᠺᠢᠯᠣᠮᠧᠲᠷ᠂  ᠦᠬᠡᠷᠡᠴᠢᠯᠡᠯᠳᠡ ᠬᠢᠬᠦ ᠳᠤ ᠨᠡᠶᠢᠳᠡ 6775 ᠲᠦᠮᠡᠨ ᠲᠥᠭᠦᠷᠢᠭ ᠤᠨ ᠪᠡᠯᠡ  ᠤᠷᠤᠭᠤᠯᠵᠠᠢ᠂ ᠣᠲᠣ  ᠪᠠᠷᠢᠯᠭ᠎ᠠ ᠶᠢᠨ ᠠᠵᠢᠯ ᠤᠨ 48 % ᠶᠢ ᠨᠢ ᠪᠡᠶᠡᠯᠡᠬᠦᠯᠦᠭᠡᠳ ᠪᠠᠶᠢᠨ᠎ᠠ᠂ ᠵᠢᠱᠢᠯᠲᠡ ᠪᠠᠷ ᠲᠠᠷᠠᠭ᠎ᠠ ᠵᠢᠯ ᠤᠨ 10 ᠰᠠᠷ᠎ᠠ ᠳᠤ ᠪᠦᠬᠦ ᠠᠵᠢᠯ ᠲᠠᠭᠤᠰᠴᠢᠬᠠᠨ᠎ᠠ︾᠃    ᠬᠥᠳᠡᠭᠡ ᠲᠣᠰᠬᠤᠨ ᠤ ᠵᠠᠰᠠᠮᠠᠯ ᠵᠠᠮ ᠪᠣᠯ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂  ᠦᠢᠯᠡᠴᠢᠯᠡᠬᠦ  ᠨᠢᠭᠤᠷᠯᠠᠯ ᠨᠢ ᠬᠠᠮᠤᠭ ᠤᠨ ᠣᠯᠠᠨ᠂ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠬᠠᠮᠤᠭ ᠤᠨ ᠴᠢᠩᠭ᠎ᠠ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠪᠣᠯᠣᠨ᠎ᠠ᠃ ᠣᠲᠣ ᠪᠣᠯᠲᠠᠯ᠎ᠠ᠂ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠬᠦ ᠣᠷᠳᠣ ᠨᠢ 1147.5 ᠺᠢᠯᠣᠮᠧᠲᠷ ᠲᠤ ᠬᠦᠷᠴᠦ᠂ ᠡᠭᠦᠨ ᠳᠤ ᠰᠢᠶᠠᠨ ᠤ ᠵᠠᠮ 142.9 ᠺᠢᠯᠣᠮᠧᠲᠷ᠂ ᠰᠢᠶᠠᠩ ᠤᠨ ᠵᠠᠮ 288.8 ᠺᠢᠯᠣᠮᠧᠲᠷ᠂ ᠲᠣᠰᠬᠤᠨ ᠤ ᠵᠠᠮ 715.8 ᠺᠢᠯᠣᠮᠧᠲᠷ  ᠲᠤ ᠬᠦᠷᠪᠡ᠃ 7 ᠰᠤᠮᠤ ᠰᠢᠶᠠᠩ ᠪᠠᠯᠭᠠᠰᠤ ᠳᠤ ᠪᠦᠷ ᠭᠤᠷᠪᠠᠳᠤᠭᠠᠷ ᠳᠡᠰ ᠤᠨ ᠪᠠᠷᠤᠭᠰᠢᠨ ᠵᠠᠮ ᠨᠠᠪᠲᠠᠷᠡᠵᠦ᠂ 176  ᠭᠠᠴᠠᠭ᠎ᠠ ᠲᠣᠰᠬᠤᠨ ᠳᠤ ᠪᠦᠷ ᠬᠠᠲᠠᠭᠤᠷᠠᠭᠤᠯᠤᠭᠰᠠᠨ ᠵᠠᠮ ᠨᠡᠪᠳᠡᠷᠡᠭᠡᠳ᠂   ᠬᠥᠮᠥᠨ ᠪᠦᠯᠢ ᠪᠠᠷ ᠨᠡᠯᠢᠶᠡᠳ ᠤᠯᠠᠨ 380 ᠬᠤᠳᠠ ᠤᠰᠤᠨ ᠳᠤ ᠽᠧᠮᠧᠨ᠋ᠲ ᠵᠠᠮ ᠨᠡᠪᠳᠡᠷᠡᠭᠰᠡᠨ ᠪᠠᠶᠢᠨ᠎ᠠ᠃     ᠡᠶᠢᠨ ᠬᠦ᠋᠂ ᠵᠤᠷᠪᠤᠰ ᠵᠤᠷᠪᠤᠰ ᠵᠠᠰᠠᠮᠠᠯ ᠵᠠᠮ ᠨᠢ ᠵᠠᠮ ᠳᠠᠭᠠᠤ ᠳᠠᠬᠢ ᠭᠠᠵᠠᠷ ᠤᠷᠤᠨ ᠤ ᠠᠵᠤ ᠦᠢᠯᠡᠰ ᠤᠨ ᠬᠥᠭᠵᠢᠯᠲᠡ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ  ᠶᠢᠨ ᠨᠡᠮᠡᠭᠳᠡᠯ ᠢ ᠲᠠᠶᠢᠴᠢᠯᠠᠵᠦ᠂ ᠬᠥᠳᠡᠭᠡ ᠲᠣᠰᠬᠤᠨ ᠳᠤ  ︽ᠬᠥᠭᠵᠢᠯᠲᠡ ᠶᠢᠨ ᠲᠦᠷᠭᠡᠨ ᠵᠠᠮ︾ ᠢ  ᠨᠡᠪᠳᠡᠷᠡᠬᠦᠯᠦᠨ᠂  ᠠᠷᠠᠳ ᠤᠯᠠᠨ ᠳᠤ ︽ᠵᠢᠷᠭᠠᠯ ᠤᠨ ᠠᠯᠳᠠᠨ ᠵᠠᠮ︾  ᠢ ᠳᠡᠪᠢᠰᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ ᠰᠠᠶᠢᠬᠠᠨ ᠦᠩᠭᠡ ᠦᠵᠡᠮᠵᠢ ᠶᠢ ᠵᠢᠷᠤᠭᠯᠠᠵᠠᠢ᠃  ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ᠬᠦᠳᠡᠭᠡ ᠲᠤᠰᠬᠤᠨ ᠤ ᠵᠠᠮ ᠤᠨ ᠴᠢᠨᠠᠷ ᠢ ᠦᠷᠬᠦᠯᠵᠢᠯᠡᠨ ᠰᠠᠶᠢᠵᠢᠷᠠᠭᠤᠯᠵᠤ᠂  ᠵᠠᠮ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠂  ᠮᠠᠯᠴᠢᠨ ᠲᠠᠷᠢᠶᠠᠴᠢᠨ ᠤ ᠶᠠᠪᠤᠵᠤ ᠰᠠᠭᠤᠬᠤ   ᠳᠤ ᠨᠡᠩ ᠲᠦᠬᠦᠮ ᠲᠦᠳᠡ ᠪᠤᠯᠭᠠᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠰᠠᠶᠢᠨ ᠵᠠᠮ ᠬᠠᠷᠢᠯᠴᠠᠭᠠᠨ ᠤ ᠪᠠᠳᠤᠯᠠᠭ᠎ᠠ ᠪᠠ ᠲᠤᠯᠭᠠᠭᠤᠷᠢᠯᠠᠯ ᠬᠠᠩᠭᠠᠬᠤ  ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号