ᠶᠦᠩ ᠹᠧᠩ ᠪᠠᠯᠭᠠᠰᠤ ︽ᠲᠦᠷᠪᠡᠨ ᠲᠠᠯ᠎ᠠ ᠪᠠᠷ ᠴᠢᠩᠭᠠᠳᠬᠠᠵᠤ︾ ᠭᠠᠵᠢᠭᠤ ᠨᠣᠮᠯᠠᠯ ᠢ ᠪᠦᠳᠦᠮᠵᠢᠳᠡᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2023/11/28
   ᠪᠣᠯᠪᠠᠰᠤᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠤᠯᠠᠮ ᠦᠳᠭᠡᠷᠡᠬᠦᠯᠵᠦ᠂  ᠤᠯᠠᠨ ᠲᠦᠮᠡᠨ ᠤ ᠭᠠᠵᠢᠭᠤ ᠨᠤᠮᠯᠠᠯ ᠠᠴᠠ ᠰᠡᠷᠭᠡᠶᠢᠯᠡᠬᠦ᠂ ᠭᠠᠵᠢᠭᠤ ᠨᠤᠮᠯᠠᠯ ᠢ ᠡᠰᠡᠷᠭᠦᠴᠡᠬᠦ ᠤᠬᠠᠮᠰᠠᠷ   ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠶᠦᠩ ᠹᠧᠩ ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠷ ᠵᠢᠯᠤᠭᠤᠳᠤᠨ ᠳᠠᠭᠠᠭᠤᠯᠬᠤ   ᠶᠢ ᠪᠠᠷᠢᠮᠳᠠᠯᠠᠵᠤ᠂ ︽ᠳᠥᠷᠪᠡ   ᠶᠢ ᠴᠢᠩᠭᠠᠳᠬᠠᠬᠤ︾ ᠠᠵᠢᠯ ᠤᠨ ᠠᠷᠭ᠎ᠠ   ᠶᠢ ᠭᠦᠨᠵᠡᠭᠡᠢ ᠦᠢᠯᠡᠳᠦᠯᠭᠡᠵᠢᠬᠦᠯᠦᠨ᠂ ᠣᠯᠠᠨ ᠶᠠᠩᠵᠤ   ᠶᠢᠨ ᠠᠷᠭ᠎ᠠ ᠠᠪᠴᠢᠯ ᠢᠶᠠᠷ ᠭᠠᠵᠢᠭᠤ ᠨᠣᠮᠯᠠᠯ   ᠢ ᠡᠰᠡᠷᠭᠦᠴᠡᠬᠦ ᠠᠵᠢᠯ   ᠢ ᠪᠣᠳᠠᠲᠠᠢ ᠪᠥᠭᠡᠳ ᠨᠠᠷᠢᠯᠢᠭ ᠦᠷᠨᠢᠬᠦᠯᠵᠦ ᠪᠠᠶᠢᠨ᠎ᠠ᠃    — — ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠰᠠᠭᠤᠷᠢ ᠶᠢ ᠪᠠᠳᠤᠳᠬᠠᠭᠰᠠᠨ᠃ ᠪᠠᠯᠭᠠᠰᠤᠨ ᠤ ᠨᠠᠮ ᠤᠨ ᠬᠤᠷᠢᠶ᠎ᠠ ᠠᠴᠠ ᠭᠠᠵᠢᠭᠤ ᠨᠣᠮᠯᠠᠯ ᠢ ᠡᠰᠡᠷᠭᠦᠴᠡᠬᠦ ᠠᠵᠢᠯ  ᠤᠨ ᠤᠳᠤᠷᠢᠳᠬᠤ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠢᠶᠠᠷ ᠳᠤᠭᠤᠶᠢᠯᠠᠩ ᠤᠨ ᠳᠡᠳ᠋ ᠳᠠᠷᠤᠭ᠎ᠠ  ᠪᠤᠯᠭᠠᠨ᠂ ᠤᠳᠤᠷᠢᠳᠬᠤ ᠪᠠᠭ ᠤᠨ ᠭᠡᠰᠢᠬᠦᠳ᠂ ᠬᠠᠤᠯᠢ ᠴᠠᠭᠠᠵᠠ ᠶᠢᠨ ᠰᠠᠯᠪᠤᠷᠢ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠠᠷ ᠭᠡᠰᠢᠬᠦᠨ ᠪᠣᠯᠭᠠᠭᠰᠠᠨ ᠭᠠᠵᠢᠭᠤ ᠨᠣᠮᠯᠠᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ 10 ᠳ᠋ᠤᠭᠠᠷ ᠰᠠᠷ᠎ᠠ ᠳᠤ ᠪᠠᠯᠭᠠᠰᠤ ᠲᠤᠰᠬᠤᠨ ᠬᠤᠶᠠᠷ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠬᠤᠪᠢᠶᠠᠷᠢ ᠨᠡᠶᠢᠭᠡᠮᠯᠢᠭ᠂ ᠰᠠᠯᠪᠤᠷᠢ ᠨᠡᠶᠢᠭᠡᠮᠯᠢᠭ  ᠤᠨ ᠬᠤᠭᠤᠴᠠᠭ᠎ᠠ ᠰᠣᠯᠢᠬᠤ ᠠᠵᠢᠯ ᠢ  ᠬᠢᠵᠦ᠂ ᠰᠢᠨ᠎ᠡ ᠨᠢᠭᠡ ᠬᠤᠭᠤᠴᠠᠭᠠᠨ ᠤ ᠭᠠᠵᠢᠭᠤ ᠨᠣᠮᠯᠠᠯ ᠢ ᠡᠰᠡᠷᠭᠦᠴᠡᠬᠦ ᠬᠤᠪᠢᠶᠠᠷᠢ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠬᠡᠷᠡᠭ ᠡᠷᠬᠢᠯᠡᠭᠴᠢ ᠪᠠᠷ ᠨᠡᠶᠢᠳᠡ 16 ᠬᠥᠮᠥᠨ ᠢ ᠰᠣᠩᠭᠤᠨ ᠭᠠᠷᠭᠠᠭᠰᠠᠨ ᠪᠦᠭᠡᠳ 19 ᠲᠤᠰᠬᠤᠨ ᠤ ᠭᠠᠵᠢᠭᠤ ᠨᠣᠮᠯᠠᠯ ᠢ ᠡᠰᠡᠷᠭᠦᠴᠡᠬᠦ ᠰᠠᠯᠪᠤᠷᠢ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ 19 ᠬᠥᠮᠥᠨ᠂ ᠳᠡᠳ᠋ ᠳᠠᠷᠤᠭ᠎ᠠ 19 ᠬᠥᠮᠥᠨ᠂ ᠬᠡᠷᠡᠭ ᠡᠷᠬᠢᠯᠡᠭᠴᠢ 57 ᠬᠥᠮᠥᠨ ᠢ ᠰᠣᠩᠭᠤᠨ ᠭᠠᠷᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠬᠤᠪᠢᠶᠠᠷᠢ ᠨᠡᠶᠢᠭᠡᠮᠯᠢᠭ ᠂ ᠰᠠᠯᠪᠤᠷᠢ ᠨᠡᠶᠢᠭᠡᠮᠯᠢᠭ ᠢ  ᠪᠠᠶᠢᠭᠤᠯᠤᠭᠰᠠᠨ ᠨᠤᠷᠮ᠎ᠠ 100 % ᠳᠤ ᠬᠦᠷᠦᠭᠡᠳ  ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠬᠥᠨᠳᠡᠯᠡᠨ ᠭᠤᠯᠳᠤ ᠴᠢᠭᠯᠡᠯ ᠤᠨ ᠬᠠᠷᠢᠯᠴᠠᠭ᠎ᠠ ᠴᠢᠩᠭᠠᠷᠠᠵᠤ᠂ ᠱᠠᠲᠤ ᠱᠠᠲᠤ ᠪᠠᠷ ᠳᠠᠷᠤᠯᠲᠠ ᠦᠵᠡᠬᠦᠯᠬᠦ᠂ ᠬᠥᠮᠥᠨ ᠪᠦᠬᠦᠨ ᠬᠠᠷᠢᠭᠤᠴᠠᠯᠭ᠎ᠠ ᠡᠬᠦᠷᠭᠡᠯᠡᠬᠦ᠂   ᠵᠡᠷᠭᠡᠪᠡᠷ ᠠᠳᠬᠤᠵᠤ ᠬᠠᠮᠳᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠪᠦᠷᠢᠯᠳᠦᠵᠦ ᠲᠤᠭᠳᠠᠭᠰᠠᠨ ᠪᠠᠶᠢᠨ᠎ᠠ᠃   — — ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠳᠤᠳᠬᠠᠭᠰᠠᠨ᠃ 2023 ᠣᠨ ᠤ ᠪᠥᠬᠦ ᠣᠷᠣᠨ ᠤ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠶᠦᠩ ᠹᠧᠩ ᠪᠠᠯᠭᠠᠰᠤ ᠨᠢ ︽ᠭᠠᠵᠢᠭᠤ ᠨᠣᠮᠯᠠᠯ ᠤᠨ ᠡᠭᠦᠰᠴᠦ ᠨᠡᠪᠴᠢᠬᠦ ᠬᠥᠷᠥᠰᠥ ᠰᠢᠷᠣᠢ ᠶᠢ ᠠᠷᠢᠯᠭᠠᠨ᠂ ᠤᠮᠠᠷᠠᠲᠤ ᠬᠢᠯᠢ ᠶᠢᠨ ᠠᠮᠤᠷ  ᠲᠣᠭᠲᠠᠭᠤᠨ ᠤ ᠬᠠᠯᠬᠠᠪᠴᠢ ᠶᠢ ᠪᠠᠬᠢᠵᠢᠬᠦᠯᠬᠦ︾   ᠪᠠᠷ ᠭᠤᠣᠯ ᠰᠡᠳᠦᠪ ᠪᠣᠯᠭᠠᠵᠤ᠂ ᠣᠯᠠᠨ ᠵᠦᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠵᠡᠢ᠃ ᠨᠢᠭᠡ ᠳᠤᠨᠢ 10 ᠬᠦᠮᠦᠨ ᠢᠶᠠᠷ ᠪᠦᠷᠢᠯᠳᠦᠭᠰᠡᠨ ᠰᠠᠶᠢᠨ ᠲᠤᠷ᠎ᠠ  ᠶᠢᠨ  ᠤᠬᠠᠭᠤᠯᠬᠤ ᠠᠩᠬᠢ ᠶᠢ ᠪᠠᠶᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠰᠤᠷᠳᠠᠯᠴᠢᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠂ ᠤᠬᠠᠭᠤᠯᠭ᠎ᠠ ᠶᠢᠨ ᠰᠠᠭᠤᠷᠢᠨ ᠭᠠᠵᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠬᠤᠶᠠᠷ  ᠲᠤᠨᠢ ᠭᠠᠵᠢᠭᠤ ᠨᠣᠮᠯᠠᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠦ᠂ ᠣᠳᠣᠬᠠᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ᠂  ᠰᠠᠶᠢᠨ ᠲᠤᠷ᠎ᠠ ᠶᠢᠨ ᠤᠬᠠᠭᠤᠯᠤᠭᠴᠢ ᠪᠠ ᠦᠨᠳᠦᠰᠦᠨ ᠱᠠᠳᠤᠨ ᠤ ᠺᠠᠳ᠋ᠷ ᠠᠵᠢᠯᠳᠠᠳ ᠤᠨ ᠭᠠᠵᠢᠭᠤ ᠨᠣᠮᠯᠠᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠡᠮᠡᠭᠳᠡᠬᠦᠯᠦᠨ᠂ ︽ᠵᠢᠷᠭᠤᠭᠠᠨ ᠵᠦᠢᠯ︾ ᠤᠨ ᠬᠡᠪ ᠴᠢᠨᠠᠷ ᠪᠠ ᠬᠢᠷᠢ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠪᠠ᠃ ᠭᠤᠷᠪᠠ ᠳᠤᠨᠢ ᠰᠠᠶᠢᠨ ᠳᠤᠷ᠎ᠠ ᠶᠢᠨ ᠤᠬᠠᠭᠤᠯᠬᠤ ᠠᠩᠭᠢ ᠨᠢ ᠬᠠᠷᠢᠶ᠎ᠠ ᠣᠷᠣᠨ ᠤ ᠪᠠᠨ 19 ᠲᠣᠰᠬᠤᠨ ᠳᠤ ᠬᠦᠨᠵᠡᠬᠡᠶᠢᠷᠡᠵᠦ᠂ ᠭᠠᠵᠢᠭᠤ ᠨᠣᠮᠯᠠᠯ ᠢ ᠡᠰᠡᠷᠭᠦᠴᠡᠬᠦ  ᠤᠬᠠᠭᠤᠯᠭ᠎ᠠ ᠲᠠᠶᠢᠯᠤᠮᠵᠢ ᠬᠢᠵᠦ᠂  ᠲᠡᠷᠭᠡᠳᠡ ᠡᠬᠦᠰᠦᠭᠰᠡᠨ ᠬᠡᠷᠡᠭ ᠤᠨ ᠵᠢᠱᠢᠶ᠎ᠡ ᠪᠠᠷ ᠭᠠᠵᠢᠭᠤ ᠨᠤᠮᠯᠠᠯ ᠤᠨ ᠬᠤᠤᠷ ᠬᠦᠨᠦᠬᠡᠯ ᠢ ᠠᠷᠠᠳ ᠢᠷᠭᠡᠳ ᠲᠤ ᠲᠠᠨᠢᠭᠤᠯᠤᠨ᠂ ︽ᠭᠠᠵᠢᠭᠤ ᠨᠣᠮᠯᠠᠯ ᠠᠴᠠ ᠵᠠᠶᠢᠳᠠᠵᠤ᠂ ᠭᠠᠵᠢᠭᠤ ᠨᠣᠮᠯᠠᠯ ᠢ ᠲᠡᠪᠴᠢᠬᠦ︾ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠠᠢ᠃ ᠳᠥᠷᠪᠡ ᠳᠤᠨᠢ ᠰᠠᠶᠢᠨ ᠳᠤᠷ᠎ᠠ ᠶᠢᠨ ᠤᠬᠠᠭᠤᠯᠬᠤ ᠠᠩᠭᠢ   ᠨᠢ ᠬᠥᠳᠡᠭᠡ ᠲᠣᠰᠬᠤᠨ ᠤ ᠬᠦᠮᠦᠨ ᠤᠯᠠᠨᠳᠠᠢ ᠭᠠᠵᠠᠷ ᠪᠠ ᠲᠠᠷᠢᠶᠠᠨ ᠭᠠᠵᠠᠷ ᠲᠤ ᠬᠦᠨᠵᠡᠬᠡᠶᠢᠷᠡᠵᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠮᠥᠨ ᠴᠢᠨᠠᠷ ᠪᠠ ᠬᠥᠮᠥᠨ ᠢ ᠮᠡᠬᠡᠯᠡᠬᠦ ᠠᠷᠭ᠎ᠠ ᠪᠠᠰᠢᠷ ᠵᠢᠴᠢ ᠭᠠᠵᠢᠭᠤ ᠨᠣᠮᠯᠠᠯ ᠢ ᠡᠰᠡᠷᠭᠦᠴᠡᠬᠦ ᠬᠤᠯᠪᠣᠭᠳᠠᠯ ᠪᠦᠬᠦᠢ ᠬᠠᠤᠯᠢ ᠲᠦᠷᠢᠮ ᠵᠡᠷᠭᠡ ᠶᠢ ᠨᠢᠭᠤᠷᠳᠡᠨ ᠲᠠᠶᠢᠯᠪᠤᠷᠢᠯᠠᠵᠤ᠂ ᠤᠯᠠᠨ ᠲᠦᠮᠡᠨ ᠤ ᠭᠠᠵᠢᠭᠤ ᠨᠣᠮᠯᠠᠯ ᠢ   ᠢᠯᠭᠠᠨ ᠲᠠᠨᠢᠬᠤ  ᠪᠠ  ᠰᠡᠷᠡᠮᠵᠢᠯᠡᠨ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠬᠦᠯᠦᠭᠰᠡᠨ ᠪᠠᠶᠢᠨ᠎ᠠ᠃    — —  ᠲᠤᠤᠷᠴᠢᠯᠠᠭᠰᠠᠨ ᠵᠠᠰᠠᠯᠲᠠ ᠶᠢ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠮᠤᠷ ᠲᠦᠪᠰᠢᠨ ᠤ ᠬᠠᠯᠬᠠᠪᠴᠢ ᠶᠢ  ᠪᠠᠳᠤᠳᠬᠠᠭᠰᠠᠨ᠃ ᠨᠡᠶᠢᠭᠡᠮ ᠤᠨ ᠵᠠᠰᠠᠯᠲᠠ ᠶᠢᠨ ᠲᠣᠮᠣ ᠲᠣᠣᠷ ᠢ ᠨᠢᠭᠲᠠ ᠪᠠᠲᠤ ᠰᠦᠯᠵᠢᠵᠦ᠂  19 ᠲᠣᠰᠬᠤᠨ ᠢ 56 ᠲᠤᠤᠷᠵᠢᠯ ᠳᠤ ᠬᠤᠪᠢᠶᠠᠨ᠂ 141 ᠨᠡᠷ᠎ᠡ ᠠᠵᠢᠯᠲᠠᠨ ᠢ ᠲᠣᠬᠢᠷᠠᠭᠤᠯᠵᠤ᠂  ᠪᠠᠶᠢᠩᠭᠤ ᠶᠢᠨ ᠴᠢᠨᠠᠷᠳᠠᠢ ᠲᠣᠭᠤᠷᠢᠨ ᠪᠠᠶᠢᠴᠠᠭᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠲᠣᠣᠷᠵᠢᠯ ᠤᠨ ᠠᠵᠢᠯᠲᠠᠨ ᠤ ᠦᠢᠯᠡᠳᠦᠯ ᠢ ᠦᠨᠡᠨᠬᠦ ᠪᠠᠳᠠᠷᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠤᠯᠠᠮ  ᠪᠠᠬᠢᠵᠢᠭᠦᠯᠪᠡ᠃ ᠡᠨᠡ ᠵᠢᠯ ᠳᠤ᠂  ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 400 ᠭᠠᠷᠤᠢ ᠬᠤᠪᠢ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯᠯᠠᠭ᠎ᠠ ᠳᠤ ᠨᠡᠶᠢᠲᠡ 20 ᠭᠠᠷᠤᠢ ᠤᠳᠠᠭ᠎ᠠ ᠤᠷᠤᠯᠴᠠᠨ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠣᠯᠠᠨ ᠲᠦᠮᠡᠨ ᠳᠤ ᠤᠬᠠᠭᠤᠯᠤᠨ ᠲᠦᠬᠡᠮᠡᠯᠵᠢᠬᠦᠯᠦᠭᠰᠡᠨ ᠪᠦᠭᠡᠳ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠶᠢᠯᠠᠭᠠᠨ ᠪᠠᠶᠢᠴᠠᠭᠠᠬᠤ ᠶᠢ ᠪᠠᠷᠢᠮᠲᠠᠯᠠᠵᠤ᠂ ᠪᠠᠶᠢᠳᠠᠯ ᠢ ᠲᠣᠳᠣᠷᠬᠠᠢ ᠪᠠᠶᠢᠯᠭᠠᠨ᠂ ᠭᠠᠵᠢᠭᠤ ᠨᠤᠮᠳᠠᠨ ᠰᠢᠨ᠎ᠡ ᠪᠠᠷ ᠨᠡᠮᠡᠭᠳᠡᠬᠦ ᠦᠬᠡᠢ ᠶᠢ ᠪᠠᠳᠤᠯᠠᠪᠠ᠃    — — ᠠᠷᠭ᠎ᠠ ᠪᠠᠷᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠴᠢᠳᠠᠪᠤᠷᠢ ᠶᠢ ᠪᠠᠳᠤᠳᠬᠠᠭᠰᠠᠨ᠃ ᠨᠢᠭᠡ ᠳᠤᠨᠢ ᠦᠵᠡᠯ ᠰᠠᠨᠠᠭ᠎ᠠ ᠪᠠᠨ ᠨᠢᠭᠡᠳᠬᠡᠵᠦ᠂ ᠡᠬᠦᠷᠭᠡ ᠲᠤᠰᠢᠶᠠᠯ ᠬᠠᠷᠢᠭᠤᠴᠠᠯᠭ᠎ᠠ  ᠶᠢ ᠲᠤᠳᠤᠷᠬᠠᠶᠢᠯᠠᠪᠠ᠃ 2023 ᠣᠨ ᠳᠤ ᠨᠠᠮ ᠤᠨ ᠬᠤᠷᠢᠶᠠᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ 2 ᠤᠳᠠᠭ᠎ᠠ ᠬᠤᠷᠠᠯᠳᠤᠭᠤᠯᠵᠤ᠂ ᠪᠥᠬᠦ ᠪᠠᠯᠭᠠᠰᠤᠨ ᠤ ᠭᠠᠵᠢᠭᠤ ᠨᠤᠮᠯᠠᠯ ᠢ ᠡᠰᠡᠷᠬᠦᠴᠡᠬᠦ ᠲᠤᠰᠬᠠᠢ ᠰᠡᠳᠦᠪᠲᠦ ᠠᠵᠢᠯ ᠢ ᠠᠬᠢᠭᠤᠯᠬᠤ ᠬᠤᠷᠠᠯ ᠢ 4 ᠤᠳᠠᠭ᠎ᠠ  ᠬᠤᠷᠠᠯᠳᠤᠭᠤᠯᠤᠨ᠂ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ 1 ᠤᠳᠠᠭ᠎ᠠ ᠬᠤᠷᠠᠯᠳᠤᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠨᠠᠷᠢᠯᠢᠭ ᠮᠦᠷᠳᠡᠭᠡᠨ ᠪᠤᠳᠠᠳᠠᠢ  ᠦᠷᠨᠢᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠶᠠᠷ ᠲᠤᠨᠢ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠦᠨᠡᠨ ᠪᠤᠳᠠᠳᠠᠢ ᠦᠷ᠎ᠡ ᠪᠦᠲᠦᠮᠵᠢ ᠣᠯᠪᠠ᠃ ᠤᠯᠠᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠬᠤ ᠬᠠᠷᠢᠭᠤᠴᠠᠯᠭ᠎ᠠ ᠶᠢᠨ ᠳᠦᠷᠢᠮ ᠢ ᠭᠡᠷᠡᠭᠵᠢᠬᠦᠯᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠲᠠᠢ ᠬᠤᠯᠪᠤᠭᠠᠯᠠᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠨ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ︾᠂ ︽ᠨᠠᠮ  ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ︾ ᠢ ᠠᠰᠢᠭᠯᠠᠵᠤ ︽ᠰᠢᠨᠵᠢᠯᠡᠬᠦ ᠤᠬᠠᠭᠠᠨ ᠢ ᠡᠷᠬᠢᠮᠯᠡᠵᠦ᠂ ᠭᠠᠵᠢᠭᠤ ᠨᠣᠮᠯᠠᠯ ᠢ ᠡᠰᠡᠷᠭᠦᠴᠡᠬᠦ︾ ᠬᠥᠮᠦᠵᠢᠯ ᠦᠷᠨᠢᠬᠦᠯᠵᠡᠢ᠃ ᠡᠯ᠎ᠡ ᠲᠣᠰᠬᠤᠨ ᠤ ᠭᠠᠵᠢᠭᠤ ᠨᠣᠮᠯᠠᠯ ᠢ ᠡᠰᠡᠷᠭᠦᠴᠡᠬᠦ ᠰᠠᠯᠪᠤᠷᠢ ᠨᠡᠶᠢᠭᠡᠮᠯᠢᠭ ᠨᠢ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠤ  ᠬᠠᠨᠳᠤᠭᠰᠠᠨ ᠶᠡᠭᠡ ᠪᠠᠶᠢᠴᠠᠭᠠᠯᠲᠠ ᠶᠡᠭᠡ ᠰᠣᠷᠪᠤᠯᠵᠢᠯᠠᠭ᠎ᠠ ᠬᠢᠵᠦ᠂ ᠡᠯ᠎ᠡ ᠨᠠᠮ ᠤᠨ ᠡᠭᠦᠷ ᠨᠢ ᠭᠤᠣᠯ ᠰᠡᠳᠦᠪᠲᠦ ᠨᠠᠮ ᠤᠨ ᠡᠳᠦᠷ ᠢ ᠠᠰᠢᠭᠯᠠᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠢᠵᠦ᠂ ᠱᠠᠰᠢᠨ ᠰᠤᠷᠲᠠᠬᠤᠨ ᠤ ᠲᠠᠯᠠᠪᠤᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠭᠰᠠᠨ ᠪᠠᠶᠢᠨ᠎ᠠ᠃ ᠭᠤᠷᠪᠠ ᠳᠤᠨᠢ᠂ ᠭᠠᠵᠢᠭᠤ ᠨᠤᠮᠳᠠᠨ ᠢ ᠰᠤᠷᠭᠠᠨ ᠬᠦᠮᠦᠵᠢᠬᠦᠯᠬᠦ ᠠᠵᠢᠯ ᠳᠤ ᠢᠳᠡᠪᠬᠢᠲᠡᠢ ᠬᠠᠮᠵᠢᠯᠴᠠᠵᠤ᠂  ᠰᠤᠷᠭᠠᠨ ᠬᠦᠮᠦᠵᠢᠬᠦᠯᠬᠦ ᠠᠵᠢᠯ ᠤᠨ ᠳᠤᠮᠳᠠᠬᠢ ᠬᠦᠴᠢᠷ ᠠᠰᠠᠭᠤᠳᠠᠯ  ᠪᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠤᠨ ᠲᠣᠭᠤᠷᠢᠨ ᠳᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂  ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠭᠡᠳ᠂ ᠪᠦᠬᠦ ᠪᠠᠯᠭᠠᠰᠤᠨ ᠳᠤ ᠭᠠᠵᠢᠭᠤ ᠨᠤᠮᠳᠠᠨ ᠨᠢᠬᠡ ᠴᠤ ᠪᠠᠶᠢᠬᠤ ᠦᠬᠡᠢ ᠶᠢ ᠪᠠᠳᠤᠯᠠᠵᠠᠢ  ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号