︽ᠡᠮᠡᠭᠲᠡᠶᠢᠴᠦᠳ ᠢ ᠬᠠᠯᠠᠮᠵᠢᠯᠠᠬᠤ ᠡᠷᠡᠭᠦᠯ ᠮᠡᠨᠳᠦ ᠶᠢᠨ ᠳᠠᠭᠠᠳᠬᠠᠯ︾ ᠪᠣᠯ ᠡᠮᠡᠭᠲᠡᠶᠢᠴᠦᠳ ᠤᠨ ᠬᠤᠯᠪᠤᠭᠠᠨ | ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠬᠦ ᠴᠢᠬᠤᠯᠠ ᠭᠠᠷᠳᠠᠴᠠ ᠂ | ᠡᠮᠡᠭᠲᠡᠶᠢᠴᠦᠳ ᠤᠨ ᠡᠪᠡᠳᠴᠢᠨ ᠲᠠᠬᠤᠯ ᠡᠰᠡᠷᠭᠦᠴᠡᠬᠦ ᠪᠠᠳᠤᠯᠠᠭᠠᠨ ᠤ ᠲᠦᠪᠰᠢᠨ ᠢ ᠳᠡᠭᠡᠭᠰᠢᠯᠡᠭᠦᠯᠬᠦ ᠴᠢᠬᠤᠯᠠ | ᠢᠨᠵᠧᠨᠧᠷᠢᠩ ᠪᠣᠯᠣᠨ᠎ᠠ᠃ ᠬᠦᠨᠪᠤᠯᠠᠭ ᠰᠤᠮᠤ ᠨᠢ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠬᠤ ᠶᠢ ᠦᠷᠭᠡᠨ | ᠤᠯᠠᠨ ᠡᠮᠡᠭᠳᠡᠶᠢᠴᠤᠳ ᠲᠤ ᠦᠢᠯᠡᠴᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠪᠣᠳᠠᠲᠠᠢ ᠠᠷᠭ᠎ᠠ ᠬᠡᠮᠵᠢᠶ᠎ᠡ ᠪᠤᠯᠭᠠᠨ᠂ ᠲᠡᠭᠡᠳᠦ ᠱᠠᠳᠤᠨ ᠤ ᠱᠠᠭᠠᠷᠳᠠᠯᠭ᠎ᠠ ᠶᠣᠰᠣᠭᠠᠷ ︽ᠪᠠᠶᠢᠷᠢᠯᠠᠭᠤᠯᠬᠤ᠂ | ᠤᠬᠠᠭᠤᠯᠬᠤ᠂ ᠦᠢᠯᠡᠴᠢᠯᠡᠬᠦ︾ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ︽ᠡᠮᠡᠭᠲᠡᠶᠢᠴᠦᠳ ᠢ ᠬᠠᠯᠠᠮᠵᠢᠯᠠᠬᠤ | ᠡᠷᠡᠭᠦᠯ ᠮᠡᠨᠳᠦ ᠶᠢᠨ ᠳᠠᠭᠠᠳᠬᠠᠯ ︾ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠢᠷᠡᠵᠡᠢ᠃ ᠤᠬᠠᠭᠤᠯᠭ᠎ᠠ | ᠳᠠᠶᠢᠴᠢᠯᠠᠯᠲᠠ ᠶᠢᠨ ᠲᠠᠯ᠎ᠠ ᠪᠠᠷ ᠬᠦᠴᠦ ᠲᠠᠯᠪᠢᠵᠤ᠂ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠳᠠᠮᠵᠢᠭᠤᠯᠤᠨ᠂ | ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠭᠦᠢᠴᠡᠳᠬᠡᠬᠦ ᠭᠡᠰᠢᠭᠦᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯ ᠮᠡᠨᠳᠦ ᠶᠢᠨ ᠳᠠᠭᠠᠳᠬᠠᠯ ᠤᠨ ᠰᠠᠶᠢᠨ ᠲᠠᠯ᠎ᠠ ᠶᠢ ᠤᠬᠠᠭᠤᠯᠤᠨ᠂ | ᠡᠷᠡᠭᠦᠯ ᠮᠡᠨᠳᠦ ᠶᠢᠨ ᠳᠠᠭᠠᠳᠬᠠᠯ ᠢ ᠡᠮᠡᠭᠳᠡᠶᠢᠴᠤᠳ ᠲᠤ ᠲᠠᠨᠢᠭᠤᠯᠵᠤ᠂ ᠥᠷᠭᠡᠨ ᠣᠯᠠᠨ ᠡᠮᠡᠭᠲᠡᠶᠢᠴᠦᠳ ᠤᠨ | ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠪᠠ᠃ ᠣᠲᠣ ᠪᠣᠯᠲᠠᠯ᠎ᠠ᠂ ᠪᠦᠬᠦᠯᠢ 16 ᠨᠠᠰᠤ ᠠᠴᠠ | 64 ᠨᠠᠰᠤᠨ ᠤ ᠪᠡᠶ᠎ᠡ ᠮᠠᠬᠠᠪᠤᠳ ᠨᠢ ᠡᠷᠡᠭᠦᠯ ᠴᠢᠭᠢᠷᠠᠭ 35 ᠡᠮᠡᠭᠳᠡᠢ ᠳᠠᠭᠠᠳᠬᠠᠯ ᠳᠤ ᠤᠷᠤᠯᠴᠠᠭᠰᠠᠨ ᠢᠶᠠᠷ | ᠲᠤᠰ ᠰᠤᠮᠤ ᠨᠢ ᠵᠢᠯ ᠤᠨ ᠡᠬᠦᠷᠭᠡ ᠬᠠᠷᠠᠯᠲᠠ ᠪᠠᠨ 109.38 % ᠪᠠᠷ ᠪᠡᠶᠡᠯᠡᠬᠦᠯᠵᠡᠢ᠃ ᠳᠠᠭᠠᠳᠬᠠᠯ ᠳᠤ | ᠣᠷᠣᠯᠴᠠᠭᠰᠠᠨ ᠡᠮᠡᠭᠲᠡᠶᠢᠴᠦᠳ ᠤᠨ ᠬᠦᠰᠡᠯ ᠡᠷᠡᠮᠡᠯᠵᠡᠯ ᠶᠣᠰᠣᠭᠠᠷ᠂ ᠲᠤᠰ ᠰᠤᠮᠤᠨ ᠤ ᠬᠢᠨ ᠠᠮᠢ ᠨᠠᠰᠤᠨ ᠤ | ᠳᠠᠭᠠᠳᠬᠠᠯ ᠤᠨ ᠺᠣᠮᠫᠠᠨᠢ ᠲᠠᠢ ᠴᠠᠭ ᠲᠤᠬᠠᠢ ᠳᠤᠨᠢ ᠬᠠᠷᠢᠯᠴᠠᠵᠤ᠂ ᠰᠢᠰᠲ᠋ᠧᠮ ᠳᠤ ᠣᠷᠣᠭᠤᠯᠬᠤ ᠠᠵᠢᠯ ᠢ | ᠪᠡᠶᠡᠯᠡᠭᠦᠯᠦᠭᠰᠡᠨ ᠪᠥᠭᠡᠳ ᠳᠠᠭᠠᠳᠬᠠᠯ ᠤᠨ ᠬᠠᠭᠤᠳᠠᠰᠤ ᠶᠢ ᠡᠮᠡᠭᠳᠡᠶᠢᠴᠤᠳ ᠲᠤ ᠨᠢᠭᠡᠳ ᠨᠢᠭᠡ ᠪᠠᠷ ᠭᠠᠷᠳᠠᠭᠤᠯᠪᠠ᠃ | ᠡᠭᠦᠨ ᠤ ᠬᠠᠮᠳᠤ᠂ ᠣᠷᠣᠯᠭ᠎ᠠ ᠪᠠᠭᠠᠲᠠᠢ 11 ᠡᠮᠡᠭᠲᠡᠢ ᠳᠤ ᠲᠤᠰᠪᠤᠷᠢ 50 ᠲᠥᠭᠦᠷᠢᠭ ᠤᠨ ᠡᠷᠡᠭᠦᠯ ᠮᠡᠨᠳᠦ ᠶᠢᠨ | ᠳᠠᠭᠠᠳᠬᠠᠯ ᠢ ᠡᠷᠡᠮᠡᠯᠵᠡᠯᠡᠨ ᠤᠯᠭᠤᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠬᠦᠨᠪᠤᠯᠠᠭ ᠰᠤᠮᠤ ᠨᠢ ᠥᠷᠭᠡᠨ | ᠤᠯᠠᠨ ᠡᠮᠡᠭᠲᠡᠶᠢᠴᠦᠳ ᠢ ᠤᠬᠠᠭᠤᠯᠤᠨ ᠵᠢᠯᠤᠭᠤᠳᠴᠤ᠂ ᠡᠷᠡᠭᠦᠯ ᠮᠡᠨᠳᠦ ᠶᠢᠨ ᠲᠠᠭᠠᠳᠬᠠᠯ ᠳᠤ ᠢᠳᠡᠪᠬᠢᠳᠡᠢ | ᠤᠷᠤᠯᠴᠠᠭᠤᠯᠤᠨ᠂ ᠪᠦᠬᠦ ᠰᠤᠮᠤᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡ ᠪᠣᠯᠣᠨ ᠨᠡᠶᠢᠭᠡᠮ ᠤᠨ | ᠪᠠᠳᠤᠯᠠᠭᠠᠨ ᠤ ᠴᠢᠨᠠᠭᠰᠢᠳᠠ ᠠᠬᠢᠭᠤᠯᠬᠤ ᠪᠠᠷ ᠪᠠᠶᠢᠨ᠎ᠠ᠃ |