ᠡᠮ ᠤᠨ ᠵᠦᠢᠯ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠠᠶᠤᠯ | ᠦᠬᠡᠢ ᠪᠠᠷ ᠡᠮ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠂ ᠠᠶᠤᠯ ᠦᠬᠡᠢ ᠪᠠᠷ ᠡᠮ ᠲᠠᠩ ᠬᠡᠷᠡᠭᠯᠡᠬᠦ᠂ ᠬᠠᠮᠲᠤ ᠪᠠᠷ | ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 11 | ᠰᠠᠷ᠎ᠠ ᠶᠢᠨ 28 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ ᠨᠢ | 2023 ᠣᠨ ᠤ ︽ᠪᠥᠬᠦ ᠤᠯᠤᠰ ᠤᠨ ᠡᠮ ᠤᠨ ᠵᠦᠢᠯ ᠢ ᠠᠶᠤᠯ ᠦᠬᠡᠢ ᠬᠡᠷᠡᠭᠯᠡᠬᠦ ᠰᠠᠷ᠎ᠠ︾ ᠶᠢᠨ ᠤᠬᠠᠭᠤᠯᠭ᠎ᠠ | ᠶᠢᠨ ᠠᠵᠢᠯᠯᠠᠭ᠎ᠠ ᠶᠢ ᠡᠬᠢᠯᠡᠬᠦᠯᠪᠡ᠃ ᠬᠠᠤᠯᠢ ᠬᠡᠷᠡᠭᠵᠢᠭᠦᠯᠬᠦ ᠠᠵᠢᠯᠳᠠᠳ ᠡᠮ ᠤᠨ ᠲᠡᠯᠬᠡᠬᠦᠷ᠂ ᠡᠮᠨᠡᠯᠭᠡ ᠶᠢᠨ | ᠬᠤᠷᠢᠶ᠎ᠠ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠮᠠᠯᠵᠢᠬᠤ ᠲᠠᠷᠢᠶᠠᠯᠠᠬᠤ ᠣᠷᠣᠨ ᠳᠤ | ᠬᠦᠨᠵᠡᠬᠡᠶᠢᠷᠡᠵᠦ᠂ ᠡᠮᠴᠢ ᠰᠤᠪᠢᠯᠠᠭᠴᠢ᠂ ᠪᠠᠭᠰᠢ ᠰᠤᠷᠤᠭᠴᠢ᠂ ᠨᠡᠶᠢᠭᠡᠮ ᠲᠣᠭᠤᠷᠢᠭ ᠤᠨ ᠠᠵᠢᠯᠲᠠᠨ᠂ ᠡᠮ ᠤᠨ | ᠵᠦᠢᠯ ᠡᠵᠡᠩᠨᠡᠨ ᠪᠤᠷᠤᠯᠠᠭᠤᠯᠤᠭᠴᠢᠳ ᠪᠠ ᠥᠷᠭᠡᠨ ᠣᠯᠠᠨ ᠠᠷᠠᠳ ᠢᠷᠭᠡᠳ ᠲᠤ ︽ᠡᠮ ᠤᠨ ᠵᠦᠢᠯ ᠢ ᠠᠶᠤᠯ | ᠦᠬᠡᠢ ᠭᠡᠷᠡᠭᠯᠡᠬᠦ ᠭᠠᠷ ᠠᠪᠤᠯᠭ᠎ᠠ︾ ᠪᠠ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠢ ᠬᠤᠪᠢ ᠲᠠᠷᠬᠠᠭᠠᠭᠰᠠᠨ | ᠤ ᠬᠠᠮᠳᠤ᠂ ᠶᠠᠷᠢᠯᠴᠠᠵᠤ ᠵᠤᠭᠤᠭᠳᠠᠬᠤ᠂ ᠤᠬᠠᠭᠤᠯᠵᠤ ᠲᠠᠶᠢᠯᠪᠤᠷᠢᠯᠠᠬᠤ᠂ ᠮᠠᠳᠠᠭ ᠲᠠᠢ ᠠᠰᠠᠭᠤᠳᠠᠯ ᠢ ᠲᠠᠶᠢᠯᠬᠤ | ᠠᠷᠭ᠎ᠠ ᠬᠡᠯᠪᠡᠷᠢ ᠪᠠᠷ ᠠᠮᠢᠳᠤᠷᠠᠯ ᠤᠨ ᠲᠤᠮᠳᠠ ᠪᠠᠶᠢᠩᠭᠤ ᠲᠤᠬᠢᠶᠠᠯᠳᠤᠳᠠᠭ ᠡᠮ ᠲᠠᠩ ᠭᠡᠷᠡᠭᠯᠡᠬᠦ ᠶᠡᠷᠦ ᠶᠢᠨ | ᠮᠡᠳᠡᠯᠭᠡ᠂ ᠠᠩᠬᠠᠷᠬᠤ ᠵᠦᠢᠯᠡᠰ ᠵᠡᠷᠭᠡ ᠶᠢ ᠤᠬᠠᠭᠤᠯᠤᠨ ᠲᠦᠬᠡᠮᠡᠯᠵᠢᠬᠦᠯᠦᠭᠡᠳ ᠲᠤᠩ ᠰᠠᠶᠢᠨ ᠦᠷ᠎ᠡ ᠪᠦᠲᠦᠮᠵᠢ | ᠤᠯᠵᠠᠢ᠃ ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ︽ᠪᠥᠬᠦ ᠤᠯᠤᠰ ᠤᠨ ᠡᠮ ᠤᠨ ᠵᠦᠢᠯ ᠢ ᠠᠶᠤᠯ ᠦᠬᠡᠢ ᠬᠡᠷᠡᠭᠯᠡᠬᠦ ᠰᠠᠷ᠎ᠠ︾ ᠶᠢᠨ ᠠᠵᠢᠯᠯᠠᠭ᠎ᠠ ᠳᠤ | ᠬᠤᠰᠢᠭᠤ ᠲᠠᠶᠠᠭᠠᠷ ᠢ ᠳᠠᠶᠢᠴᠢᠯᠠᠨ ᠣᠷᠣᠯᠴᠠᠭᠤᠯᠵᠤ᠂ ᠠᠵᠤ ᠠᠬᠤᠶᠢᠯᠠᠯ ᠢ ᠵᠢᠯᠤᠭᠤᠳᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠶᠤᠯ ᠦᠬᠡᠢ ᠪᠠᠷ ᠡᠮ ᠲᠠᠩ ᠬᠡᠷᠡᠭᠯᠡᠬᠦ | ᠦᠵᠡᠯ ᠤᠬᠠᠮᠰᠠᠷ ᠢ ᠴᠢᠩᠭᠠᠳᠬᠠᠨ ᠮᠡᠳᠡᠯᠭᠡ ᠴᠢᠳᠠᠪᠤᠷᠢ ᠶᠢ ᠨᠡᠮᠡᠭᠳᠡᠬᠦᠯᠬᠦ ᠪᠠᠷ ᠪᠠᠶᠢᠨ᠎ᠠ᠃ |