ᠠᠷᠠᠳ ᠤᠨ ᠴᠠᠭᠳᠠᠭ᠎ᠠ ᠠᠶᠢᠯ ᠲᠤᠭᠤᠷᠢᠵᠤ ᠠᠮᠤᠷ ᠲᠦᠪᠰᠢᠨ ᠤ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/11/29
     ᠬᠥᠳᠡᠭᠡ ᠲᠣᠰᠬᠤᠨ ᠤ ᠠᠮᠤᠷ ᠠᠮᠤᠭᠤᠯᠠᠩ ᠪᠠ ᠡᠶ᠎ᠡ ᠵᠣᠬᠢᠴᠠᠯ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 27 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠷᠠᠳ ᠤᠨ ᠴᠠᠭᠳᠠᠭ᠎ᠠ ᠨᠠᠷ ᠴᠠᠰᠤᠨ ᠤ ᠵᠤᠵᠠᠭᠠᠨ ᠲᠡᠭᠷᠢ ᠶᠢᠨ ᠬᠦᠢᠲᠡᠨ ᠢ ᠬᠠᠶᠢᠬᠤᠷᠤᠯ ᠦᠬᠡᠢ ᠪᠠᠷ ᠬᠦᠳᠡᠭᠡ ᠲᠤᠰᠬᠤᠨ ᠳᠤ ᠬᠦᠨᠵᠡᠬᠡᠶᠢᠷᠡᠵᠦ᠂  ᠲᠣᠰᠬᠤᠨ ᠤ ᠠᠷᠠᠳ ᠲᠤ ᠡᠯ᠎ᠡ ᠵᠦᠢᠯ ᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠭᠠᠷ ᠠᠪᠤᠯᠭ᠎ᠠ ᠶᠢ ᠲᠠᠷᠬᠠᠭᠠᠨ᠂ ᠪᠠᠶᠢᠩᠭᠤ ᠲᠤᠬᠢᠶᠠᠯᠳᠤᠳᠠᠭ ᠮᠡᠬᠡᠯᠡᠯ ᠤᠨ ᠠᠷᠭ᠎ᠠ ᠪᠠ ᠰᠡᠷᠭᠡᠶᠢᠯᠡᠬᠦ ᠠᠷᠭ᠎ᠠ ᠶᠢ ᠲᠠᠶᠢᠯᠪᠤᠷᠢᠯᠠᠨ ᠥᠭᠴᠦ᠂  ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ   ᠶᠢ ᠰᠠᠨᠠᠭᠤᠯᠪᠠ᠃ ᠡᠭᠦᠨ ᠤ ᠬᠠᠮᠳᠤ᠂  ᠠᠶᠤᠯᠭᠦᠢ ᠦᠢᠯᠡᠳᠪᠦᠷᠢᠯᠡᠯ ᠤᠨ ᠲᠤᠬᠠᠢ ᠮᠡᠳᠡᠯᠭᠡ ᠶᠢᠨ ᠤᠬᠠᠭᠤᠯᠭ᠎ᠠ ᠬᠢᠵᠦ᠂ ᠡᠪᠦᠯ ᠤᠨ ᠤᠯᠠᠷᠢᠯ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ ᠭᠠᠯ ᠤᠨ ᠠᠶᠤᠯ ᠢ ᠰᠡᠷᠭᠡᠶᠢᠯᠡᠬᠦ᠂ ᠬᠠᠤᠯᠢ ᠲᠦᠷᠢᠮ ᠢ ᠵᠢᠷᠤᠮᠯᠠᠬᠤ᠂ ᠬᠠᠤᠯᠢ ᠪᠤᠰᠤ ᠠᠵᠢᠯᠯᠠᠭ᠎ᠠ ᠶᠢ ᠡᠰᠡᠷᠬᠦᠴᠡᠬᠦ ᠵᠡᠷᠭᠡ ᠲᠠᠯᠠᠪᠠᠷ ᠵᠠᠬᠢᠵᠤ ᠰᠠᠨᠠᠭᠤᠯᠤᠭᠰᠠᠨ ᠪᠠᠶᠢᠨ᠎ᠠ᠃ ᠤᠬᠠᠭᠤᠯᠬᠤ ᠶᠠᠪᠤᠴᠠ ᠳᠤ᠂ ᠠᠷᠠᠳ ᠤᠨ ᠴᠠᠭᠳᠠᠭ᠎ᠠ ᠨᠠᠷ ᠲᠤᠰᠬᠤᠨ ᠤ ᠠᠷᠠᠳ ᠤᠨ ᠰᠠᠨᠠᠯ ᠲᠤᠰᠬᠠᠯ ᠢ ᠨᠢᠮᠪᠠᠢ ᠰᠤᠨᠤᠰᠴᠤ᠂  ᠣᠶᠢᠯᠠᠭᠠᠵᠤ ᠮᠡᠳᠡᠭᠰᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠵᠢᠴᠢ ᠣᠯᠠᠨ ᠲᠦᠮᠡᠨ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ︽ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ︾  ᠳᠡᠭᠡᠨ ᠲᠡᠮᠳᠡᠭᠯᠡᠭᠡᠳ᠂ ᠠᠷᠠᠳ ᠤᠯᠠᠨ ᠤ  ᠱᠠᠭᠠᠷᠳᠠᠯᠭ᠎ᠠ ᠬᠡᠷᠡᠭᠴᠡᠭᠡ ᠪᠠ  ᠬᠦᠰᠡᠯ ᠡᠷᠡᠮᠡᠯᠵᠡᠯ ᠢ ᠨᠡᠩ ᠣᠨᠣᠪᠴᠢᠲᠠᠶ ᠡᠵᠡᠮᠰᠢᠵᠦ᠂ ᠲᠡᠳᠡᠨ ᠳᠤ ᠨᠡᠩ  ᠢᠯᠡᠬᠦᠦ ᠴᠢᠨᠠᠷ ᠰᠠᠶᠢᠳᠠᠢ ᠦᠢᠯᠡᠴᠢᠯᠡᠭᠡ ᠬᠠᠩᠭᠠᠬᠤ ᠪᠠᠷ ᠴᠢᠷᠮᠠᠶᠢᠵᠠᠢ᠃     ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠡᠶᠢᠨ ᠬᠦ᠋ ᠭᠠᠴᠠᠭ᠎ᠠ ᠲᠤᠰᠬᠤᠨ ᠢᠶᠠᠷ ᠲᠤᠭᠤᠷᠢᠵᠤ ᠠᠶᠢᠯ ᠡᠷᠦᠬᠡ ᠪᠠᠷ ᠬᠦᠨᠵᠡᠬᠡᠶᠢᠷᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ  ᠥᠷᠨᠢᠭᠦᠯᠵᠦ᠂ ︽ᠬᠥᠮᠥᠨ ᠪᠦᠬᠦᠨ ᠮᠡᠭᠡᠯᠡᠯ ᠢ ᠲᠠᠨᠢᠵᠤ᠂ ᠪᠦᠬᠦ ᠠᠷᠠᠳ ᠢᠶᠠᠷ ᠢᠶᠠᠨ ᠮᠡᠭᠡᠯᠡᠯ ᠢ ᠡᠰᠡᠷᠭᠦᠴᠡᠬᠦ︾  ᠠᠭᠤᠷ ᠠᠮᠢᠰᠬᠤᠯ ᠢ ᠦᠳᠭᠡᠷᠡᠬᠦᠯᠦᠨ᠂  ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠬᠠᠨᠳᠤᠯᠭᠠᠳᠤ ᠴᠢᠨᠠᠷᠲᠠᠢ  ᠰᠡᠷᠭᠡᠶᠢᠯᠡᠯᠳᠡ ᠶᠢᠨ ᠰᠠᠨᠠᠯ ᠰᠠᠨᠠᠭᠤᠯᠭ᠎ᠠ ᠥᠭᠴᠦ᠂ ᠤᠯᠠᠨ ᠲᠦᠮᠡᠨ ᠤ ᠮᠡᠭᠡᠯᠡᠯ ᠢ ᠰᠡᠷᠭᠡᠶᠢᠯᠡᠬᠦ ᠦᠵᠡᠯ ᠤᠬᠠᠮᠰᠠᠷ ᠪᠠ  ᠬᠢᠷᠢ ᠴᠢᠳᠠᠪᠤᠷᠢ ᠶᠢ ᠲᠡᠭᠡᠭᠰᠢᠯᠡᠬᠦᠯᠦᠨ᠂ ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠬᠢᠭᠡᠳ ᠨᠡᠶᠢᠭᠡᠮ ᠤᠨ  ᠠᠮᠤᠷ ᠲᠣᠭᠲᠠᠭᠤᠨ ᠢ ᠦᠨᠡᠨᠬᠦ  ᠬᠠᠮᠠᠭᠠᠯᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号