ᠬᠦᠨᠪᠤᠯᠠᠭ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2023/11/3
   11 ᠰᠠᠷ᠎ᠠ ᠶᠢᠨ 1  ᠤ ᠡᠳᠦᠷ᠂ ᠬᠦᠨᠪᠤᠯᠠᠭ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠠ ᠳᠥᠷᠪᠡᠳᠦᠭᠡᠷ ᠤᠯᠠᠷᠢᠯ ᠤᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂   ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠦᠸᠧ ᠰᠢᠶᠣᠣ  ᠮᠧᠩ ᠬᠤᠷᠠᠯ ᠢ ᠡᠷᠬᠢᠯᠡᠨ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂  ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂  ᠭᠠᠴᠠᠭᠠᠨ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠭᠦᠸᠧ ᠰᠢᠶᠣᠣ ᠮᠧᠩ ᠠᠴᠠ ᠠᠶᠢᠮᠠᠭ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠨᠡᠶᠢᠳᠡᠯᠡᠨ ᠮᠡᠳᠡᠭᠳᠡᠭᠰᠡᠨ ᠪᠥᠭᠡᠳ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭᠠᠨ ᠤ ︽ᠬᠤᠶᠠᠷ ᠵᠥᠪᠯᠡᠯ︾ ᠤᠨ ᠬᠢᠨ ᠬᠠᠷᠢᠭᠤᠴᠠᠯᠭ᠎ᠠ ᠶᠢ ᠴᠢᠩᠭᠠᠳᠬᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠣᠪᠣᠷ ᠢᠶᠠᠨ ᠲᠥᠪ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠶᠠᠮᠠᠷ ᠠᠰᠠᠭᠤᠳᠠᠯ ᠣᠷᠣᠰᠢᠵᠤ ᠪᠠᠶᠢᠬᠤ ᠶᠢ ᠳᠠᠬᠢᠨᠲᠠ ᠪᠠᠶᠢᠴᠠᠭᠠᠨ᠂ ᠡᠯ᠎ᠡ  ᠲᠦᠷᠦᠯ ᠤᠨ ᠠᠰᠠᠭᠤᠳᠠᠯ ᠢ ᠪᠦᠷᠢᠮᠦᠰᠦᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠬᠡᠵᠦ ᠱᠠᠭᠠᠷᠳᠠᠪᠠ᠃ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠤᠮᠤᠨ ᠳᠠᠷᠤᠭ᠎ᠠ ᠦᠷᠴᠠᠶᠢᠬᠤ ᠠᠴᠠ ᠠᠶᠢᠮᠠᠭ ᠤᠨ ᠬᠠᠮᠢᠶ᠎ᠠ ᠪᠦᠬᠦᠢ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ᠂ ᠲᠠᠷᠠᠭᠠᠴᠢ ᠶᠢᠨ ᠠᠯᠬᠤᠮ ᠤᠨ ᠠᠵᠢᠯ   ᠢ  ᠪᠠᠶᠢᠷᠢᠯᠠᠭᠤᠯᠵᠤ᠂  ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠡᠷᠬᠢᠯᠡᠭᠴᠢ ᠶᠠᠩ ᠪᠢᠨ ᠠᠴᠠ  ᠲᠠᠩᠰᠠ ᠡᠪᠬᠡᠮᠡᠯ ᠢ ᠬᠠᠷᠭᠤᠭᠤᠯᠤᠨ ᠪᠠᠶᠢᠴᠠᠭᠠᠬᠤ᠂ ᠣᠷᠣᠯᠭ᠎ᠠ ᠵᠠᠷᠤᠯᠭ᠎ᠠ ᠶᠢ ᠬᠠᠷᠭᠤᠭᠤᠯᠤᠨ ᠪᠤᠳᠤᠬᠤ ᠵᠡᠷᠭᠡ ᠠᠵᠢᠯ ᠤᠨ ᠲᠠᠯᠠᠪᠠᠷ ᠲᠤᠳᠤᠷᠬᠠᠢ ᠱᠠᠭᠠᠷᠳᠠᠯᠭ᠎ᠠ ᠲᠤᠷᠠᠳᠤᠨ᠂  ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠰᠤᠯᠤᠩᠭᠤᠸ᠎ᠠ  ᠠᠴᠠ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠢ ᠪᠠᠶᠢᠷᠢᠯᠠᠭᠤᠯᠵᠠᠢ᠃  ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠠᠵᠢᠯᠲᠠᠨ ᠵᠣᠣ ᠯᠢ ᠫᠢᠩ ᠠᠴᠠ ︽ ᠲᠠᠶᠢᠹᠤᠰᠧ ᠬᠤᠰᠢᠭᠤᠨ ᠤ 2023 ᠣᠨ ᠤ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠲᠦᠰᠦᠪ︾ ᠲᠤ ᠨᠠᠷᠢᠨ ᠲᠠᠶᠢᠯᠤᠮᠵᠢ ᠬᠢᠵᠦ᠂ 2023 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠵᠠᠷᠤᠯᠭ᠎ᠠ ᠶᠢ ᠪᠤᠳᠤᠬᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠢᠶ᠎ᠠ ᠪᠦᠬᠦᠢ ᠬᠦᠰᠦᠨᠦᠭᠲᠦ ᠶᠢ ᠲᠠᠭᠯᠠᠬᠤ ᠵᠢᠴᠢ ᠮᠠᠯᠴᠢᠨ ᠡᠷᠦᠬᠡ ᠶᠢᠨ ᠲᠠᠩᠰᠠ ᠡᠪᠬᠡᠮᠡᠯ ᠢ ᠡᠮᠬᠢᠯᠡᠬᠦ ᠲᠤᠬᠠᠢ ᠪᠣᠯᠪᠠᠰᠤᠷᠠᠯ ᠬᠢᠭᠰᠡᠨ ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠠᠴᠠ᠂  ᠨᠢᠬᠡ ᠳᠤᠨᠢ  ᠲᠥᠪᠯᠡᠷᠡᠭᠦᠯᠦᠨ ᠪᠠᠶᠢᠴᠠᠭᠠᠬᠤ ᠠᠵᠢᠯ ᠢ  ᠱᠠᠭᠠᠷᠳᠠᠯᠭ᠎ᠠ ᠶᠣᠰᠣᠭᠠᠷ ᠥᠷᠨᠢᠭᠦᠯᠵᠦ᠂ ᠪᠥᠬᠦ ᠲᠠᠯ᠎ᠠ ᠪᠠᠷ ᠵᠠᠳᠠᠯᠤᠨ ᠪᠠᠶᠢᠴᠠᠭᠠᠵᠤ᠂ ᠠᠵᠢᠯ ᠤᠨ ᠭᠤᠣᠯᠳᠠᠯᠭ᠎ᠠ ᠶᠢ ᠪᠣᠳᠠᠲᠠᠢ ᠪᠠᠷ ᠠᠳᠬᠤᠬᠤ ᠬᠡᠷᠡᠭᠲᠡᠢ᠃ ᠬᠤᠶᠠᠷ ᠲᠤᠨᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ  ᠪᠠ  ᠭᠠᠴᠠᠭᠠᠨ ᠤ ︽ᠬᠤᠶᠠᠷ ᠵᠥᠪᠯᠡᠯ︾   ᠤᠨ ᠬᠢᠨ ᠲᠥᠷᠥ ᠶᠢᠨ ᠪᠣᠳᠣᠯᠭ᠎ᠠ ᠶᠢ ᠮᠡᠳᠡᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠵᠤ᠂ ᠠᠵᠢᠯ ᠬᠢᠵᠦ ᠴᠢᠳᠠᠬᠤ ᠬᠡᠷᠡᠭᠲᠡᠢ᠃ ᠠᠵᠢᠯ ᠤᠨ ᠠᠯᠬᠤᠮ ᠳᠠᠷᠠᠭ᠎ᠠ ᠶᠢ ᠲᠣᠳᠣᠷᠬᠠᠢ ᠪᠣᠯᠭᠠᠵᠤ᠂ ᠴᠠᠭ ᠬᠤᠭᠤᠴᠠᠭᠠᠨ  ᠤ ᠵᠠᠩᠭᠢᠯᠠᠭ᠎ᠠ ᠶᠢᠨ ᠴᠡᠭ ᠢ ᠡᠵᠡᠮᠳᠡᠨ᠂ ᠳᠣᠲᠣᠷ᠎ᠠ ᠪᠠᠨ ᠲᠤᠭ᠎ᠠ ᠲᠠᠢ ᠪᠠᠶᠢᠵᠠᠭᠠᠵᠤ᠂  ᠠᠵᠢᠯ ᠢᠶᠠᠨ ᠡᠮᠬᠢ ᠵᠠᠮᠪᠠᠷᠠᠭ᠎ᠠ ᠲᠠᠢ ᠶᠠᠪᠤᠭᠳᠠᠭᠤᠯᠬᠤ ᠬᠡᠷᠡᠭᠲᠡᠢ᠃ ᠭᠤᠷᠪᠠ ᠳᠤᠨᠢ᠂ ︽ᠬᠤᠶᠠᠷ ᠲᠤ ᠦᠯᠦ ᠵᠣᠪᠠᠭ᠋ᠤ ᠭᠤᠷᠪᠠ ᠶᠢ ᠵᠠᠪᠠᠯ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ᠂ ᠬᠥᠳᠡᠯᠦᠩᠭᠦᠢ ᠬᠢᠨᠠᠨ ᠬᠡᠮᠵᠢᠯᠲᠡ᠂  ᠤᠷᠴᠢᠨ ᠲᠤᠭᠤᠷᠢᠨ ᠤ ᠴᠡᠭᠴᠡᠯᠡᠯᠳᠡ᠂   ᠵᠣᠷᠯᠣᠩ  ᠤᠨ ᠦᠬᠡᠷᠡᠴᠢᠯᠡᠯᠳᠡ᠂ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ ᠬᠤᠪᠢ ᠬᠤᠷᠠᠮᠳᠤᠭᠤᠯᠬᠤ ᠳᠦᠷᠢᠮ᠂  ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠨᠠᠶᠢᠳᠠᠪᠤᠷᠢᠵᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠡᠬᠦᠷᠭᠡ ᠬᠠᠷᠢᠭᠤᠴᠠᠯᠭ᠎ᠠ ᠶᠢ ᠤᠯᠠᠮ  ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂  ᠵᠦᠷᠢᠶ᠎ᠡ ᠳᠤᠲᠠᠭᠤᠳᠠᠯ ᠢᠶᠠᠨ ᠪᠥᠬᠦ ᠬᠦᠴᠦᠨ ᠢᠶᠠᠷ ᠨᠦᠬᠦᠪᠦᠷᠢᠯᠡᠬᠦ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号