ᠲᠠᠶᠢᠹᠤᠰᠧ ᠬᠤᠰᠢᠭᠤ ᠠᠯᠪᠠᠨ ᠠᠵᠢᠯᠳᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/11/30
 ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂  ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡ ᠭᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 29 ᠤ ᠡᠳᠦᠷ ᠲᠠᠶᠢᠹᠤᠰᠧ ᠬᠤᠰᠢᠭᠤ ᠠᠯᠪᠠᠨ ᠠᠵᠢᠯᠳᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ︵ᠨᠢᠭᠡᠳᠦᠭᠡᠷ ᠬᠤᠭᠤᠴᠠᠭ᠎ᠠ︶ ᠡᠷᠬᠢᠯᠡᠪᠡ᠃  ᠡᠨᠡ ᠤᠳᠠᠭᠠᠨ ᠤ ᠪᠣᠯᠪᠠᠰᠤᠷᠠᠯ ᠳᠤ ᠤᠯᠤᠰ ᠤᠨ ᠲᠠᠰ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠭᠴᠢ᠂ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠯ ᠤᠨ ᠯᠧᠺᠲ᠋ᠣᠷ ᠷᠧᠨ ᠯᠢ ᠶᠦᠨ ᠪᠠᠭᠰᠢ ᠠᠴᠠ ᠠᠯᠪᠠᠨ ᠠᠵᠢᠯᠳᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠠᠵᠢᠯ ᠢ ᠥᠷᠨᠢᠭᠦᠯᠬᠦ ᠶᠢᠨ ᠬᠠᠤᠯᠢ ᠴᠠᠭᠠᠵᠠ ᠶᠢᠨ ᠦᠨᠳᠦᠰᠦᠯᠡᠯ ᠪᠠ ᠠᠴᠢ ᠬᠤᠯᠪᠣᠭᠳᠠᠯ ᠤᠨ ᠲᠤᠭᠤᠷᠢᠨ ᠳᠤ᠂ ᠵᠢᠱᠢᠶ᠎ᠡ ᠦᠵᠡᠬᠦᠯᠵᠦ ᠤᠩᠰᠢᠬᠤ᠂  ᠲᠠᠭᠠᠭᠤᠯᠵᠤ ᠤᠩᠰᠢᠬᠤ᠂  ᠤᠩᠰᠢᠵᠤ ᠪᠤᠯᠪᠠᠰᠤᠷᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ  ᠪᠣᠯᠪᠠᠰᠤᠷᠠᠯ ᠳᠤ ᠤᠷᠤᠯᠴᠠᠭᠰᠠᠳ ᠤᠨ ᠨᠡᠶᠢᠲᠡᠯᠢᠭ ᠬᠡᠯᠡᠨ ᠤ ᠣᠳᠣᠬᠢ ᠪᠠᠶᠢᠳᠠᠯ ᠪᠠ ᠲᠠᠶᠢᠹᠤᠰᠧ ᠬᠤᠰᠢᠭᠤᠨ ᠤ ᠨᠤᠲᠤᠭ ᠤᠨ ᠠᠶᠠᠯᠭᠤ ᠳᠤ ᠠᠮᠠᠷᠬᠠᠨ ᠢᠯᠡᠷᠡᠳᠡᠭ ᠵᠦᠷᠢᠶ᠎ᠡ ᠳᠤᠲᠠᠭᠳᠠᠯ ᠲᠠᠢ ᠤᠶᠠᠯᠳᠤᠭᠤᠯᠵᠤ ᠪᠣᠯᠪᠠᠰᠤᠷᠠᠯ ᠬᠢᠭᠰᠡᠨ ᠪᠥᠭᠡᠳ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠳᠤ ᠣᠷᠣᠯᠴᠠᠬᠤ ᠤᠷ᠎ᠠ ᠮᠡᠷᠭᠡᠵᠢᠯ ᠢ ᠵᠢᠭᠠᠵᠤ᠂  ᠠᠯᠪᠠᠨ ᠠᠵᠢᠯᠳᠠᠳ ᠤᠨ ᠰᠢᠯᠭᠠᠯᠲᠠ ᠳᠤ ᠤᠷᠤᠯᠴᠠᠬᠤ ᠢᠲᠡᠭᠡᠯ ᠢ ᠨᠢ ᠨᠡᠮᠡᠭᠳᠡᠬᠦᠯᠦᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢ ᠬᠤᠰᠢᠭᠤᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠤᠶᠠᠷ ᠬᠤᠭᠤᠴᠠᠭ᠎ᠠ ᠬᠤᠪᠢᠶᠠᠨ ᠶᠠᠪᠤᠭᠳᠠᠭᠤᠯᠬᠤ ᠪᠠᠷ ᠲᠤᠭᠳᠠᠵᠠᠢ᠃ ᠪᠣᠯᠪᠠᠰᠤᠷᠠᠯ ᠢᠶᠠᠷ ᠲᠠᠮᠵᠢᠭᠠᠳ᠂ ᠨᠡᠶᠢᠲᠡᠯᠢᠭ ᠬᠡᠯᠡ ᠶᠢ ᠰᠤᠷᠴᠤ ᠬᠡᠷᠡᠭᠯᠡᠬᠦ ᠶᠢᠨ ᠴᠢᠬᠤᠯᠠ ᠴᠢᠨᠠᠷ ᠢ ᠺᠠᠳ᠋ᠷ ᠠᠵᠢᠯᠳᠠᠳ  ᠲᠤ ᠲᠠᠨᠢᠭᠤᠯᠵᠤ᠂ ᠰᠢᠯᠭᠠᠯᠲᠠ ᠶᠢᠨ ᠶᠠᠪᠤᠴᠠ ᠪᠠ ᠠᠩᠬᠠᠷᠬᠤ ᠵᠦᠢᠯᠡᠰ ᠢ  ᠮᠡᠳᠡᠬᠦᠯᠦᠭᠡᠳ᠂ ᠠᠯᠪᠠᠨ ᠠᠵᠢᠯᠳᠠᠳ  ᠤᠨ ᠨᠡᠶᠢᠲᠡᠯᠢᠭ ᠬᠡᠯᠡᠨ ᠤ ᠬᠢᠷᠢ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠡᠷᠴᠢᠮ ᠢ ᠤᠯᠠᠮ ᠴᠢᠩᠭᠠᠷᠠᠭᠤᠯᠤᠭᠰᠠᠨ ᠪᠠᠶᠢᠨ᠎ᠠ᠃  ᠰᠤᠮᠤ ᠰᠢᠶᠠᠩ ᠪᠠᠯᠭᠠᠰᠤ᠂  ᠪᠠᠶᠢᠭᠤᠯᠭ᠎ᠠ ᠨᠢᠭᠡᠴᠡ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ 511 ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号