ᠬᠤᠩ ᠴᠢ ᠪᠠᠯᠭᠠᠰᠤ ᠬᠥᠳᠡᠭᠡ ᠲᠣᠰᠬᠤᠨ ᠤ ᠡᠮᠡᠭᠲᠡᠶᠢᠴᠦᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/11/30
  ᠲᠠᠷᠢᠶᠠᠴᠢᠨ ᠡᠷᠦᠬᠡ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠬᠥᠳᠡᠭᠡ ᠲᠣᠰᠬᠤᠨ ᠳᠤ ᠦᠨᠳᠦᠰᠦᠯᠡᠭᠰᠡᠨ ︽ᠪᠦᠷᠢᠨ ᠴᠢᠳᠠᠪᠤᠷᠢᠲᠤ︾ ᠰᠢᠨ᠎ᠡ ᠮᠠᠶ᠋ᠢᠭ ᠤᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠶᠢᠨ ᠲᠥᠯᠥᠭᠡ᠂ 11 ᠰᠠᠷ᠎ᠠ ᠶᠢᠨ 28 ᠤ ᠡᠳᠦᠷ ᠬᠤᠩ ᠴᠢ ᠪᠠᠯᠭᠠᠰᠤ ᠨᠢ ᠬᠥᠳᠡᠭᠡ ᠲᠣᠰᠬᠤᠨ ᠤ ᠡᠮᠡᠭᠲᠡᠶᠢᠴᠦᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ  ᠡᠷᠬᠢᠯᠡᠪᠡ  ᠃  ᠡᠨᠡ ᠤᠳᠠᠭᠠᠨ ᠤ ᠪᠣᠯᠪᠠᠰᠤᠷᠠᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠭᠰᠢ ᠸᠧᠢ ᠭᠦᠸᠧ ᠶᠠᠩ ᠠᠴᠠ ︽ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠲᠡᠭᠡᠷ᠎ᠡ ᠪᠤᠷᠤᠯᠠᠭᠤᠯᠬᠤ ᠦᠨᠳᠦᠰᠦᠨ ᠮᠡᠳᠡᠯᠭᠡ︾᠂ ︽ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠲᠡᠭᠡᠷ᠎ᠡ ᠪᠤᠷᠤᠯᠠᠭᠤᠯᠤᠭᠰᠠᠨ ᠦᠯᠢᠭᠡᠷ ᠵᠢᠱᠢᠶᠡᠨ ᠤ ᠵᠠᠳᠠᠯᠤᠯᠲᠠ︾᠂ ︽ᠰᠢᠨ᠎ᠡ ᠵᠠᠭᠤᠴᠢᠯᠠᠭᠤᠷ ᠤᠨ ᠴᠠᠭ ᠦᠶ᠎ᠡ ᠳᠠᠬᠢ ᠸᠢᠴᠠᠲ ᠤᠨ ᠡᠵᠡᠩᠨᠡᠯᠲᠡ ᠪᠣᠷᠣᠯᠠᠭᠤᠯᠤᠯᠲᠠ︾᠂ ︽ᠪᠦᠲᠦᠭᠡᠭᠳᠡᠬᠦᠨ ᠢ ᠰᠡᠬᠦᠳᠡᠷᠯᠡᠵᠦ ᠵᠢᠷᠤᠭᠯᠠᠬᠤ ᠤᠷ᠎ᠠ ᠮᠡᠷᠭᠡᠵᠢᠯ︾᠂ ︽ᠰᠦᠯᠵᠢᠶ᠎ᠡ ᠪᠠᠷ ᠦᠢᠯᠡᠰ ᠪᠦᠳᠦᠭᠡᠬᠦ ᠲᠥᠷᠥᠯ ᠵᠦᠢᠯ ᠤᠨ ᠰᠣᠩᠭᠤᠯᠲᠠ ᠵᠢᠴᠢ ᠰᠦᠯᠵᠢᠶᠡᠨ ᠲᠡᠭᠡᠷ᠎ᠡ ᠳᠡᠯᠭᠡᠭᠦᠷ ᠨᠡᠭᠡᠭᠡᠬᠦ ᠠᠯᠬᠤᠮ ᠶᠠᠪᠤᠴᠠ︾  ᠂ ︽ᠵᠢᠷᠤᠭ ᠤᠨ ᠪᠠᠭᠠᠵᠢ ᠬᠡᠷᠡᠭᠯᠡᠬᠦ ᠤᠷ᠎ᠠ ᠮᠡᠷᠭᠡᠵᠢᠯ︾ ᠵᠡᠷᠭᠡ ᠠᠭᠤᠯᠭ᠎ᠠ ᠶᠢ  ᠵᠢᠭᠠᠵᠤ ᠲᠠᠶᠢᠯᠪᠤᠷᠢᠯᠠᠭᠰᠠᠨ ᠪᠠᠶᠢᠨ᠎ᠠ᠃  ᠡᠨᠡ  ᠤᠳᠠᠭᠠᠨ ᠤ ᠬᠢᠴᠢᠶᠡᠯ ᠤᠨ ᠬᠡᠯᠪᠡᠷᠢ ᠨᠢ ᠠᠮᠢᠳᠤᠯᠢᠭ ᠪᠦᠭᠡᠳ ᠪᠤᠳᠠᠳᠠᠢ  ᠂ ᠠᠭᠤᠯᠭ᠎ᠠ ᠨᠢ ᠭᠦᠨᠵᠡᠭᠡᠢ ᠮᠦᠷᠳᠡᠭᠡᠨ ᠤᠶᠢᠯᠠᠭᠠᠮᠵᠢᠳᠠᠢ ᠪᠠᠶᠢᠵᠤ᠂ ᠬᠥᠳᠡᠭᠡ ᠲᠣᠰᠬᠤᠨ ᠤ ᠡᠯᠧᠺᠲᠷᠣᠨ  ᠬᠤᠳᠠᠯᠳᠤᠭᠠᠨ ᠤ ᠬᠥᠭᠵᠢᠯᠲᠡ ᠶᠢᠨ ᠬᠠᠨᠳᠤᠰᠢ ᠶᠢ  ᠪᠣᠯᠪᠠᠰᠤᠷᠠᠯ ᠳᠤ ᠤᠷᠤᠯᠴᠠᠭᠰᠠᠳ ᠲᠤ ᠤᠯᠠᠮ ᠰᠠᠶᠢᠨ ᠣᠶᠢᠯᠠᠭᠠᠭᠤᠯᠵᠤ᠂ ᠰᠢᠨ᠎ᠡ ᠵᠠᠭᠤᠴᠢᠯᠠᠭᠤᠷ ᠤᠨ ᠮᠡᠳᠡᠯᠭᠡ ᠴᠢᠳᠠᠪᠤᠷᠢ ᠶᠢ ᠡᠵᠡᠮᠰᠢᠬᠦᠯᠦᠭᠡᠳ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ  ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠤ ᠡᠵᠡᠩᠨᠡᠯᠲᠡ ᠶᠢᠨ ᠦᠷ᠎ᠡ ᠠᠰᠢᠭ ᠢ ᠠᠬᠢᠭᠤᠯᠬᠤ ᠰᠠᠭᠤᠷᠢ ᠶᠢ ᠪᠠᠳᠤᠳᠬᠠᠵᠠᠢ᠃ ᠳᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤᠨ ᠤ ᠬᠢᠨ ᠡᠨᠡ  ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠤᠯᠭᠠᠨ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠬᠥᠳᠡᠯᠮᠦᠷᠢ ᠪᠠᠷ ᠢᠶᠠᠨ ᠪᠠᠶᠠᠵᠢᠬᠤ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠢᠯᠡᠷᠡᠬᠦᠯᠦᠨ᠂  ᠤᠯᠠᠨ ᠲᠦᠮᠡᠨ ᠤ ᠤᠷ᠎ᠠ ᠴᠢᠳᠠᠪᠤᠷᠢ ᠪᠠᠷ ᠦᠢᠯᠡᠰ ᠪᠣᠰᠬᠠᠬᠤ᠂ ᠤᠷ᠎ᠠ ᠴᠢᠳᠠᠪᠤᠷᠢ ᠪᠠᠷ ᠪᠠᠶᠠᠵᠢᠨ ᠴᠢᠨᠡᠭᠡᠯᠢᠭᠵᠢᠬᠦ᠂ ᠤᠷ᠎ᠠ ᠴᠢᠳᠠᠪᠤᠷᠢ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ  ᠲᠠᠶᠢᠴᠢᠯᠠᠨ᠂ ᠬᠥᠳᠡᠭᠡ ᠲᠣᠰᠬᠤᠨ ᠤ ᠬᠦᠭᠵᠢᠯ ᠮᠠᠨᠳᠤᠯ ᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号