11 ᠰᠠᠷ᠎ᠠ ᠶᠢᠨ 1 ᠤ ᠡᠳᠦᠷ᠂ ᠬᠦᠨᠪᠤᠯᠠᠭ ᠰᠤᠮᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠬᠤᠷᠠᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ | ᠬᠤᠷᠢᠶᠠᠨ ᠤ ᠳᠡᠳ᠋ ᠱᠦᠵᠢ ᠼᠠᠢ ᠸᠧᠨ ᠰᠢᠦᠢ ᠬᠤᠷᠠᠯ ᠢ ᠡᠷᠬᠢᠯᠡᠨ᠂ ᠰᠤᠮᠤᠨ ᠤ ᠤᠳᠤᠷᠢᠳᠬᠤ ᠪᠠᠭ ᠤᠨ | ᠭᠡᠰᠢᠬᠦᠳ᠂ ᠡᠯ᠎ᠡ ᠭᠠᠴᠠᠭᠠᠨ ᠤ ᠨᠠᠮ ᠤᠨ ᠡᠬᠦᠷ ᠤᠨ ᠱᠦᠵᠢ ᠪᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ | ᠼᠠᠢ ᠸᠧᠨ ᠰᠢᠦᠢ ᠠᠴᠠ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ︽ | ᠭᠤᠷᠪᠠᠨ ᠭᠤᠤᠯᠳᠠᠯᠭ᠎ᠠ ᠲᠠᠢ ᠡᠭᠦᠷᠭᠡ︾ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠂ ︽ᠪᠥᠬᠦ | ᠣᠷᠣᠨ ᠤ ︿ᠢᠷᠭᠡᠨ ᠤ ᠬᠡᠷᠡᠭ ᠠᠴᠠ ᠪᠠᠨ ᠡᠷᠡᠭᠦᠦ ᠶᠢᠨ ᠭᠡᠷᠡᠭ ᠪᠤᠯᠵᠤ ᠬᠤᠪᠢᠷᠠᠬᠤ﹀ ᠵᠥᠷᠢᠴᠡᠯ ᠵᠢᠭᠤᠷᠠᠭᠠᠨ ᠢ | ᠶᠡᠭᠡ ᠪᠠᠷ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠠᠵᠢᠯ ᠡᠭᠦᠷᠭᠡ ᠶᠢᠨ ᠬᠤᠪᠢᠶᠠᠷᠢᠯᠠᠯ︾ | ᠳᠤ ᠲᠠᠶᠢᠯᠤᠮᠵᠢ ᠬᠢᠭᠰᠡᠨ ᠤ ᠬᠠᠮᠲᠤ ᠂ ᠪᠦᠬᠦ ᠰᠤᠮᠤᠨ ᠤ ︽ᠢᠷᠭᠡᠨ ᠤ ᠬᠡᠷᠡᠭ ᠠᠴᠠ ᠪᠠᠨ ᠡᠷᠡᠭᠦᠦ ᠶᠢᠨ ᠭᠡᠷᠡᠭ | ᠪᠤᠯᠵᠤ ᠬᠤᠪᠢᠷᠠᠬᠤ︾ ᠵᠥᠷᠢᠴᠡᠯ ᠵᠢᠭᠤᠷᠠᠭᠠᠨ ᠤ ᠬᠡᠮ ᠰᠤᠭᠤᠭ ᠢ ᠪᠠᠶᠢᠴᠠᠭᠠᠨ ᠠᠷᠢᠯᠭᠠᠬᠤ᠂ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠠᠵᠢᠯ ᠢ ᠪᠠᠶᠢᠷᠢᠯᠠᠭᠤᠯᠵᠠᠢ᠃ ᠬᠤᠷᠠᠯ ᠠᠴᠠ᠂ | ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠠᠬᠢ ᠪᠣᠶ ᠪᠤᠯᠭᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠨ᠂ ᠰᠤᠮᠤ ᠭᠠᠴᠠᠭᠠᠨ ᠤ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠬᠠᠮᠵᠢᠯᠴᠠᠨ | ᠠᠵᠢᠯᠯᠠᠬᠤ ᠠᠵᠢᠯ ᠤᠨ ᠪᠠᠶᠢᠳᠠᠯ ᠲᠠᠢ ᠪᠤᠯᠵᠤ᠂ ᠲᠤᠰᠬᠠᠢ ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ | ᠪᠠᠷᠢᠮᠲᠠᠯᠠᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠡᠯ᠎ᠡ ᠭᠤᠭᠴᠤᠭ᠎ᠠ ᠶᠢ ᠠᠩᠬᠠᠷᠤᠨ᠂ | ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠨ ᠬᠢᠵᠦ᠂ | ᠪᠦᠬᠦ ᠰᠤᠮᠤᠨ ᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠬᠠᠤᠯᠢ ᠲᠦᠷᠢᠮ ᠤᠨ ᠮᠡᠳᠡᠯᠭᠡ | ᠶᠢ ᠶᠡᠬᠡᠪᠡᠷ ᠤᠬᠠᠭᠤᠯᠤᠨ ᠲᠦᠭᠡᠮᠡᠯᠵᠢᠬᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ | ᠲᠦᠷᠢᠮ ᠢ ᠰᠠᠬᠢᠬᠤ᠂ ᠦᠨᠡᠨᠴᠢ ᠢᠲᠡᠭᠡᠮᠵᠢᠲᠡᠢ ᠪᠠᠶᠢᠬᠤ᠂ ᠪᠦᠯᠬᠦᠮᠳᠡᠯ ᠨᠢᠬᠳᠠᠷᠠᠯ ᠢ ᠡᠷᠬᠢᠮᠯᠡᠬᠦ ᠰᠠᠶᠢᠨ ᠰᠠᠶᠢᠬᠠᠨ | ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠲᠤᠰᠬᠠᠢ ᠲᠦᠷᠦᠯ ᠤᠨ ᠵᠠᠰᠠᠯᠳᠠ ᠶᠢ ᠰᠢᠰᠲ᠋ᠧᠮ ᠲᠠᠢ | ᠵᠠᠰᠠᠬᠤ᠂ ᠶᠡᠷᠦᠩᠬᠡᠶᠢᠯᠡᠨ ᠵᠠᠰᠠᠬᠤ᠂ ᠬᠠᠤᠯᠢ ᠪᠠᠷ ᠵᠠᠰᠠᠬᠤ᠂ ᠦᠨᠳᠦᠰᠦᠨ ᠠᠴᠠ ᠨᠢ ᠵᠠᠰᠠᠬᠤ ᠲᠠᠢ | ᠤᠶᠠᠯᠳᠤᠭᠤᠯᠵᠤ᠂ ᠭᠤᠣᠯᠳᠠᠯᠭ᠎ᠠ ᠲᠠᠢ ᠠᠰᠠᠭᠤᠳᠠᠯ ᠢᠶᠠᠷ ᠰᠢᠪᠲᠤᠯᠤᠯᠲᠠ ᠶᠢᠨ ᠴᠡᠭ ᠪᠣᠯᠭᠠᠨ᠂ ᠡᠶ᠎ᠡ ᠵᠣᠬᠢᠴᠠᠯ ᠪᠠ | ᠠᠮᠤᠷ ᠲᠣᠭᠲᠠᠭᠤᠨ ᠳᠤ ᠬᠠᠷᠰᠢ ᠨᠦᠯᠦᠭᠡ ᠪᠤᠯᠬᠤ ᠵᠥᠷᠢᠴᠡᠯ ᠵᠢᠭᠤᠷᠠᠭᠠᠨ ᠢ ᠦᠨᠳᠦᠰᠦ ᠰᠠᠭᠤᠷᠢ ᠠᠴᠠ ᠨᠢ | ᠠᠷᠢᠯᠭᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ |