11 ᠰᠠᠷ᠎ᠠ ᠶᠢᠨ 2 ᠤᠨ ᠡᠳᠦᠷ᠂ ᠰᠢᠩ ᠹᠦ᠋ ᠰᠢᠶᠠᠩ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ︽ | ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠳᠡᠳ᠋ ᠰᠢᠶᠠᠩ ᠤᠨ ᠳᠠᠷᠤᠭ᠎ᠠ | ᠬᠦᠶ ᠯᠦᠩ ᠠᠴᠠ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠠᠬᠢᠭᠤᠯᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠤᠯᠠᠮ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠢ ᠲᠠᠶᠢᠯᠪᠤᠷᠢᠯᠠᠨ᠂ ᠲᠤᠰ ᠰᠢᠶᠠᠩ ᠤᠨ ᠢᠶᠠᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠵᠡᠢ᠃ ᠨᠠᠮ ᠤᠨ ᠬᠤᠷᠢᠶᠠᠨ ᠤ ᠳᠡᠳ᠋ ᠱᠦᠵᠢ᠂ | ᠰᠢᠶᠠᠩ ᠤᠨ ᠳᠠᠷᠤᠭ᠎ᠠ ᠵᠣᠣ ᠢᠦᠢ ᠪᠦᠦ ᠠᠴᠠ᠂ ᠡᠬᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ | ᠭᠠᠵᠠᠷ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠨ᠂ ︽ᠬᠤᠶᠠᠷ ᠵᠥᠪᠯᠡᠯ︾ ᠠᠴᠠ | ᠬᠠᠷᠢᠭᠤᠴᠠᠬᠤ᠂ ᠡᠯ᠎ᠡ ᠲᠣᠰᠬᠤᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠳᠡᠭᠡᠳᠦ ᠳᠣᠣᠷᠠᠳᠤ | ᠱᠠᠲᠤ ᠬᠠᠮᠳᠤᠷᠠᠨ ᠠᠵᠢᠯᠯᠠᠬᠤ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠬᠢᠨ ᠠᠴᠠ ᠨᠢ ᠴᠢᠩᠭ᠎ᠠ ᠡᠵᠡᠮᠳᠡᠨ᠂ ᠶᠠᠪᠤᠴᠠ ᠶᠢ ᠴᠢᠩᠭ᠎ᠠ ᠬᠢᠨᠠᠵᠤ᠂ ᠮᠠᠭᠤ | ᠦᠷ᠎ᠡ ᠨᠦᠯᠦᠭᠡ ᠭᠠᠷᠭᠠᠪᠠᠯ ᠴᠢᠩᠭ᠎ᠠ ᠰᠢᠳᠬᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ | ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢ ᠨᠠᠷᠢᠯᠢᠬᠵᠢᠭᠤᠯᠤᠨ ᠂ ᠨᠠᠷᠢᠯᠢᠭ ᠣᠨᠣᠴᠠᠲᠠᠢ ᠪᠠᠷ | ᠴᠡᠭᠴᠡᠯᠡᠨ ᠰᠠᠶᠢᠵᠢᠷᠠᠭᠤᠯᠵᠤ᠂ ᠢᠯᠡᠷᠡᠭᠰᠡᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠬᠡᠷᠡᠭᠲᠡᠢ᠃ ᠤᠬᠠᠭᠤᠯᠭ᠎ᠠ | ᠬᠦᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷ ᠪᠠ ᠤᠯᠠᠨ ᠲᠦᠮᠡᠨ ᠤ ᠲᠠᠷᠢᠶᠠᠨ ᠭᠠᠵᠠᠷ ᠤᠨ | ᠬᠠᠮᠠᠭᠠᠯᠠᠯᠳᠠ ᠶᠢᠨ ᠤᠬᠠᠮᠰᠠᠷ ᠢ ᠲᠡᠭᠡᠭᠰᠢᠯᠡᠬᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |