ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠬᠤ ᠶᠢᠨ | ᠲᠥᠯᠥᠭᠡ᠂ 11 ᠰᠠᠷ᠎ᠠ ᠶᠢᠨ 3 ᠤ ᠡᠳᠦᠷ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ ᠨᠢ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠠᠮᠳᠤ ᠶᠢᠨ ᠰᠤᠷᠤᠯᠴᠠᠯᠭ᠎ᠠ ᠡᠷᠬᠢᠯᠡᠵᠡᠢ ᠃ | ᠬᠤᠷᠠᠯ ᠳᠡᠭᠡᠷ᠎ᠡ᠂ ᠤᠳᠤᠷᠢᠳᠬᠤ ᠪᠠᠭ ᠤᠨ ᠭᠡᠰᠢᠬᠦᠳ ᠠᠴᠠ ᠲᠣᠰᠪᠣᠷᠢ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ | ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠳᠦ ᠲᠡᠬᠦᠪᠦᠷᠢ︾᠂ ︽ ᠪᠠᠶᠢᠴᠠᠭᠠᠨ ᠰᠤᠳᠤᠯᠤᠯᠲᠠ ᠶᠢᠨ | ᠲᠤᠬᠠᠢ ᠰᠢ ᠶᠢᠨ ᠫᠢᠩ ᠤᠨ ᠦᠬᠦᠯᠡᠯ ᠤᠨ ᠲᠡᠬᠦᠪᠦᠷᠢ︾᠂ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠥᠭᠦᠯᠡᠬᠦ ᠨᠢ︾ ᠵᠡᠷᠭᠡ ᠨᠤᠮ ᠵᠤᠬᠢᠶᠠᠯ ᠤᠨ ᠬᠡᠰᠡᠭ ᠠᠭᠤᠯᠭ᠎ᠠ ᠶᠢ ᠲᠠᠭᠠᠭᠤᠯᠤᠨ ᠰᠤᠷᠤᠯᠴᠠᠭᠰᠠᠨ | ᠪᠦᠭᠡᠳ ︽ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ | ᠳᠡᠭᠡᠭᠰᠢᠯᠡᠭᠦᠯᠬᠦ︾ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠠᠴᠠ᠂ ᠰᠤᠷᠤᠯᠴᠠᠯᠭ᠎ᠠ ᠪᠠᠷ ᠤᠶᠤᠨ | ᠤᠬᠠᠭᠠᠨ ᠢᠶᠠᠨ ᠨᠡᠮᠡᠭᠳᠡᠭᠦᠯᠬᠦ ᠶᠢᠨ ᠳᠤᠮᠳᠠ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠤᠯᠤᠰ ᠲᠦᠷᠦ ᠶᠢᠨ ᠵᠣᠭᠰᠣᠯᠲᠠ ᠪᠠᠲᠤ᠂ ᠤᠯᠤᠰ ᠲᠦᠷᠦ ᠶᠢᠨ | ᠴᠢᠭᠯᠡᠯ ᠵᠥᠪ ᠪᠠᠶᠢᠬᠤ ᠶᠢ ᠢᠮᠠᠭᠳᠠ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ | ᠨᠡᠮᠡᠭᠳᠡᠭᠦᠯᠬᠦ ᠶᠢᠨ ᠳᠤᠮᠳᠠ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠵᠢᠮ᠎ᠡ ᠶᠣᠰᠣ ᠶᠢ | ᠡᠵᠡᠮᠳᠡᠨ᠂ ᠠᠵᠢᠯ ᠤᠨ ᠭᠤᠣᠯᠳᠠᠯᠭ᠎ᠠ ᠶᠢ ᠠᠳᠬᠤᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠨ᠂ | ᠰᠢᠨᠵᠢᠯᠡᠬᠦ ᠤᠬᠠᠭᠠᠨᠴᠢ ᠰᠡᠳᠬᠢᠬᠦᠢ ᠶᠢᠨ ᠠᠷᠭ᠎ᠠ ᠪᠠᠷ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠶᠢᠨ ᠳᠤᠮᠳᠠ ᠦᠢᠯᠡᠳᠦᠯᠭᠡ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨ ᠠᠴᠠ ᠵᠥᠪ ᠢ ᠡᠷᠢᠬᠦ ᠠᠰᠠᠭᠤᠳᠠᠯ ᠤᠨ ᠤᠳᠤᠷᠢᠳᠤᠮᠵᠢ ᠶᠢ ᠡᠵᠡᠮᠳᠡᠨ᠂ | ᠤᠴᠢᠷ ᠶᠠᠪᠤᠳᠠᠯ ᠢ ᠪᠣᠳᠣᠯᠬᠢᠯᠠᠵᠤ ᠤᠴᠢᠷ ᠶᠠᠪᠤᠳᠠᠯ ᠢ ᠪᠦᠲᠦᠭᠡᠬᠦ ᠬᠢᠷᠢ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠳᠤ | ᠣᠷᠣᠯᠴᠠᠪᠠ᠃ |