ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠶᠢᠨ | ᠲᠦᠯᠦᠭᠡ᠂ ︽ ᠪᠤᠤᠴᠠᠩ ᠪᠠᠯᠭᠠᠰᠤᠨ ᠤ ᠠᠶᠢᠯ ᠲᠣᠰᠬᠤᠨ ᠤ ᠠᠷᠢᠭᠤᠨ ᠴᠡᠪᠡᠷ ᠢ ᠪᠠᠳᠤᠯᠠᠬᠤ ᠨᠠᠮᠤᠷ ᠡᠪᠦᠯ ᠤᠨ | ᠳᠠᠶᠢᠯᠠᠯᠳᠤᠭᠠᠨ ᠤ ᠬᠡᠷᠡᠭᠵᠢᠭᠦᠯᠬᠦ ᠲᠦᠰᠦᠪ︾ ᠲᠠᠬᠢ ᠭᠠᠷᠠᠭ ᠤᠨ ᠲᠠᠪᠤᠨ ᠪᠦᠷᠢ ᠳᠤ ᠨᠢᠭᠡ ᠤᠳᠠᠭ᠎ᠠ ᠣᠷᠴᠢᠨ | ᠲᠣᠭᠤᠷᠢᠨ ᠤ ᠴᠡᠪᠡᠷᠯᠡᠭᠡ ᠬᠢᠬᠦ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 3 ᠤ ᠡᠳᠦᠷ ᠪᠤᠤᠴᠠᠩ ᠪᠠᠯᠭᠠᠰᠤᠨ ᠤ | ᠡᠯ᠎ᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠰᠠᠶᠢᠨ ᠳᠤᠷ᠎ᠠ ᠶᠢᠨ | ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ︽ᠪᠣᠯᠪᠠᠰᠤᠨ ᠢᠶᠠᠷ ᠬᠤᠪᠢ ᠬᠤᠷᠠᠮᠳᠤᠭᠤᠯᠵᠤ ᠬᠦᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠤᠵᠠᠷ | ᠪᠤᠷᠲᠠᠭ ᠶᠠᠳᠠᠷᠠᠯ ᠵᠦᠳᠡᠷᠡᠯ ᠠᠴᠠ ᠦᠯᠦ ᠡᠮᠢᠶᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠠᠮ ᠤᠨ ᠬᠠᠵᠠᠭᠤᠳᠠᠬᠢ | ᠴᠠᠭᠠᠰᠤ ᠰᠦᠯᠢᠶᠤᠤ᠂ ᠮᠣᠳᠣᠨ ᠤ ᠲᠤᠤᠷᠠᠬᠢ ᠬᠤᠭ ᠨᠣᠪᠰᠢ ᠶᠢ ᠲᠡᠭᠦᠵᠦ ᠴᠡᠪᠡᠷᠯᠡᠭᠰᠡᠨ ᠤ ᠬᠠᠮᠳᠤ᠂ ᠳᠤᠭᠤᠶᠢᠯᠠᠩ | ᠬᠤᠪᠢᠶᠠᠵᠤ ᠠᠶᠢᠯ ᠡᠷᠦᠬᠡ ᠪᠠᠷ ᠬᠦᠨᠵᠡᠭᠡᠶᠢᠷᠡᠨ᠂ ︽ᠠᠷᠢᠭᠤᠨ ᠴᠡᠪᠡᠷ ᠢ ᠡᠷᠬᠢᠮᠯᠡᠭᠰᠡᠨ︾ ᠵᠢᠱᠢᠶᠡᠴᠢ ᠡᠷᠦᠬᠡ᠂ ︽ | ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ᠶᠢᠨ ᠵᠢᠱᠢᠶᠡᠴᠢ ᠡᠷᠦᠬᠡ ᠵᠡᠷᠭᠡ ᠶᠢ ᠰᠢᠯᠭᠠᠷᠠᠭᠤᠯᠵᠤ᠂ ᠬᠥᠳᠡᠯᠵᠦ | ᠪᠠᠷᠢᠬᠤ ᠳᠤ ᠳᠥᠭᠦᠮ ᠦᠭᠡᠢ ᠨᠠᠰᠤᠳᠠᠶᠢᠴᠤᠳ ᠢ ᠬᠠᠪᠰᠤᠷᠤᠨ ᠭᠡᠷ ᠬᠦᠷᠢᠶ᠎ᠡ ᠶᠢ ᠨᠢ ᠴᠡᠪᠡᠷᠯᠡᠵᠦ᠂ ᠬᠤᠪᠢ | ᠬᠤᠷᠠᠮᠳᠤᠭᠤᠯᠬᠤ ᠳᠦᠷᠢᠮ ᠢ ᠤᠬᠠᠭᠤᠯᠤᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠶᠢᠯᠠᠭᠠᠵᠤ᠂ | ᠤᠯᠠᠨ ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ ᠳᠤ ᠤᠷᠤᠯᠴᠠᠬᠤ ᠶᠢ ᠵᠤᠷᠢᠬᠵᠢᠭᠤᠯᠤᠭᠰᠠᠨ ᠪᠠᠶᠢᠨ᠎ᠠ᠃ | ᠰᠠᠶᠢᠨ ᠲᠤᠷᠠᠳᠠᠳ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠭᠠᠳ᠂ ᠬᠤᠳᠠ ᠤᠰᠤᠨ ᠤ ᠤᠷᠴᠢᠨ | ᠲᠤᠭᠤᠷᠢᠨ ᠴᠡᠪᠡᠷ ᠭᠤᠶᠤ ᠪᠣᠯᠵᠤ᠂ ᠲᠣᠰᠬᠤᠨ ᠤ ᠠᠷᠠᠳ ᠤᠳ ᠴᠤ ︽ ᠤᠷᠴᠢᠨ ᠲᠤᠭᠤᠷᠢᠨ ᠢᠶᠠᠨ ᠬᠠᠮᠠᠭᠠᠯᠠᠬᠤ | ᠠᠵᠢᠯ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠦᠢᠯᠡᠳᠦᠯᠭᠡᠵᠢᠭᠦᠯᠦᠭᠴᠢ᠂ ᠤᠬᠠᠭᠤᠯᠤᠭᠴᠢ᠂ ᠳᠠᠭᠠᠭᠤᠯᠤᠭᠴᠢ ᠪᠣᠯᠣᠨ᠎ᠠ︾ ᠭᠡᠵᠦ ᠢᠯᠡᠷᠬᠡᠶᠢᠯᠡᠵᠡᠢ᠃ ᠪᠤᠤᠴᠠᠩ | ᠪᠠᠯᠭᠠᠰᠤᠨ ᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ | ᠨᠦᠭᠦᠳ ᠨᠢ ᠴᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠶᠢ ᠲᠦᠭᠡᠮᠡᠯᠵᠢᠭᠦᠯᠵᠦ᠂ ᠰᠠᠶᠢᠨ ᠳᠤᠷ᠎ᠠ | ᠶᠢᠨ ᠦᠢᠯᠡᠴᠢᠯᠡᠭᠡ ᠶᠢ ᠡᠮᠦᠨ᠎ᠡ ᠨᠢ ᠶᠠᠪᠤᠭᠳᠠᠭᠤᠯᠬᠤ︾ ᠭᠤᠣᠯ ᠰᠡᠳᠦᠪᠲᠦ ᠠᠵᠢᠯᠯᠠᠭ᠎ᠠ ᠦᠷᠨᠢᠬᠦᠯᠵᠦ᠂ ᠰᠠᠶᠢᠨ | ᠳᠤᠷ᠎ᠠ ᠶᠢᠨ ᠦᠢᠯᠡᠴᠢᠯᠡᠭᠴᠢᠳ ᠵᠡᠭᠡᠯᠢ ᠭᠤᠳᠤᠮᠵᠢ ᠪᠠ ᠰᠠᠭᠤᠭᠠᠯᠢ ᠲᠤᠭᠤᠷᠢᠭ ᠢᠶᠠᠷ ᠬᠦᠨᠵᠡᠬᠡᠶᠢᠷᠡᠨ᠂ ︽ᠠᠮᠢ | ᠠᠬᠤᠢ ᠣᠷᠴᠢᠨ ᠲᠣᠭᠤᠷᠢᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ︾᠂ ︽ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ︾᠂ ︽ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠳᠡᠪᠲᠡᠷ︾ ᠵᠡᠷᠭᠡ ᠶᠢ ᠲᠠᠷᠬᠠᠭᠠᠵᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠪᠠ ᠠᠮᠢ ᠠᠬᠤᠢ ᠣᠷᠴᠢᠨ ᠲᠣᠭᠤᠷᠢᠨ ᠢ | ᠡᠪᠳᠡᠪᠡᠯ ᠶᠠᠮᠠᠷ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠲᠤᠬᠠᠢ ᠭᠤᠣᠯᠳᠠᠯᠭ᠎ᠠ ᠲᠠᠢ ᠲᠠᠶᠢᠯᠪᠤᠷᠢᠯᠠᠨ᠂ ᠠᠷᠠᠳ | ᠢᠷᠭᠡᠳ ᠢ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠠᠮᠢ ᠠᠬᠤᠢ ᠶᠢᠨ ᠪᠣᠯᠪᠠᠰᠤᠨ ᠤ ᠤᠬᠠᠮᠰᠠᠷ ᠢᠶᠠᠨ | ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠬᠠᠮᠲᠤᠪᠠᠷ ᠭᠦᠢᠴᠡᠳᠬᠡᠬᠦ | ᠭᠡᠷᠡᠭᠳᠡᠢ ᠬᠡᠵᠦ ᠤᠷᠢᠶᠠᠯᠠᠪᠠ᠃ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ | ᠴᠡᠪᠡᠷᠯᠡᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠡᠭᠡᠯᠢ ᠭᠤᠳᠤᠮᠵᠢᠨ ᠤ ᠬᠤᠭ ᠨᠤᠪᠰᠢ ᠶᠢ ᠲᠡᠬᠦᠵᠦ | ᠴᠡᠪᠡᠷᠯᠡᠨ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠢ ᠴᠡᠪᠡᠷ ᠴᠡᠮᠴᠡᠭᠡᠷ ᠪᠣᠯᠭᠠᠭᠰᠠᠨ ᠪᠠᠶᠢᠨ᠎ᠠ᠃ |