ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠳᠡᠯᠡᠭᠰᠡᠨ ᠤ ᠲᠠᠷᠠᠭ᠎ᠠ᠂ | ᠲᠠᠶᠢᠹᠤᠰᠧ ᠬᠤᠰᠢᠭᠤᠨ ᠤ ᠺᠠᠳ᠋ᠷ ᠤᠯᠠᠨ ᠲᠦᠮᠡᠨ ᠤ ᠳᠤᠮᠳᠠ ᠮᠠᠰᠢ ᠲᠦᠷᠭᠡᠨ ᠢᠶᠠᠷ ᠲᠤᠰᠬᠠᠯ ᠭᠠᠷᠴᠤ᠂ ᠥᠷᠭᠡᠨ | ᠤᠯᠠᠨ ᠺᠠᠳ᠋ᠷ ᠤᠯᠠᠨ ᠲᠦᠮᠡᠨ ᠲᠤᠶᠢᠯ ᠢᠶᠠᠷ ᠤᠷᠮᠠᠰᠢᠨ ᠵᠣᠷᠢᠭᠵᠢᠵᠤ᠂ ᠤᠯᠠᠨ ᠢᠶᠠᠷ ᠢᠶᠠᠨ ︽ᠰᠠᠨᠠᠯ︾ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠦᠵᠡᠯ | ᠰᠠᠨᠠᠭ᠎ᠠ ᠪᠠᠨ ᠤᠯᠠᠮ ᠴᠢᠯᠦᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠬᠦᠷᠢᠶᠡᠯᠡᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ ᠭᠡᠵᠦ ᠢᠯᠡᠷᠭᠡᠶᠢᠯᠡᠵᠡᠭᠡᠨ᠎ᠡ᠃ | ᠥᠪᠥᠷ ᠮᠣᠩᠭᠤᠯ ᠤᠨ ᠺᠧ ᠲᠠᠢ ᠯᠦᠩ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ | 2013 ᠣᠨ ᠳᠤ ᠲᠠᠶᠢᠹᠤᠰᠧ ᠬᠤᠰᠢᠭᠤᠨ ᠳᠤ ᠨᠤᠳᠤᠭᠰᠢᠵᠠᠢ᠂ ᠺᠤᠮᠫᠠᠨᠢ ᠶᠢᠨ ᠬᠢᠨ ᠡᠷᠡᠭᠦᠯ ᠮᠡᠨᠳᠤ ᠳᠤ | ᠲᠤᠰᠠᠳᠠᠢ ᠤᠰᠤ ᠤᠮᠳᠠ ᠶᠢᠨ ᠲᠥᠬᠦᠭᠡᠷᠦᠮᠵᠢ ᠶᠢ ᠦᠢᠯᠡᠳᠬᠦ ᠪᠠᠷ ᠭᠤᠣᠯ ᠬᠠᠷᠠᠯᠲᠠ ᠪᠠᠨ ᠪᠣᠯᠭᠠᠵᠤ᠂ ᠠᠶᠤᠯᠬᠦᠢ | ᠤᠰᠤ ᠤᠮᠳᠠ ᠂ ᠪᠣᠬᠢᠷ ᠤᠰᠤ ᠰᠢᠢᠳᠪᠦᠷᠢᠯᠡᠬᠦ᠂ ᠤᠰᠤᠨ ᠤ ᠬᠠᠩᠭᠠᠯᠭ᠎ᠠ ᠶᠢ ᠪᠠᠲᠤᠯᠠᠬᠤ ᠵᠡᠷᠭᠡ ᠲᠠᠯ᠎ᠠ ᠳᠤ | ᠠᠩᠬᠠᠷᠤᠯ ᠢᠶᠠᠨ ᠲᠦᠪᠯᠡᠷᠡᠬᠦᠯᠦᠨ᠂ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠪᠦᠲᠦᠭᠡᠭᠳᠡᠬᠦᠨ ᠢ ᠰᠤᠳᠤᠯᠤᠨ | ᠡᠬᠦᠳᠦᠭᠰᠡᠨ ᠪᠠᠶᠢᠨ᠎ᠠ᠃ ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠭᠠᠳ᠂ ᠥᠪᠥᠷ ᠮᠣᠩᠭᠤᠯ | ᠮᠡᠳᠦ ᠶᠢᠨ ᠬᠠᠬᠢᠷ ᠬᠦᠢᠲᠡᠨ ᠭᠠᠵᠠᠷ ᠣᠷᠣᠨ ᠤ ᠤᠰᠤᠨ ᠤ ᠴᠢᠨᠠᠷ ᠢ ᠰᠠᠶᠢᠵᠢᠷᠠᠭᠤᠯᠬᠤ ᠳᠤ ᠲᠤᠬᠢᠷᠠᠭᠰᠠᠨ ᠢᠵᠢ | ᠪᠦᠷᠢᠨ ᠤᠷ᠎ᠠ ᠮᠡᠷᠭᠡᠵᠢᠯ ᠢ ᠰᠤᠳᠤᠯᠤᠨ ᠨᠡᠭᠡᠭᠡᠵᠦ᠂ ᠬᠠᠬᠢᠷ ᠬᠦᠢᠲᠡᠨ ᠭᠠᠵᠠᠷ ᠣᠷᠣᠨ ᠤ ᠨᠠᠷᠢᠨ ᠪᠤᠳᠤᠯᠢᠶᠠᠨᠲᠠᠢ | ᠤᠰᠤᠨ ᠤ ᠠᠰᠠᠭᠤᠳᠠᠯ ᠢ ᠰᠢᠢᠳᠪᠦᠷᠢᠯᠡᠪᠡ᠃ | ᠺᠧ ᠲᠠᠢ ᠯᠦᠩ ᠳ᠋ᠡ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠵᠧ᠄ ︽ᠲᠥᠷᠥ ᠶᠢᠨ ᠶᠠᠪᠤᠳᠠᠯ ᠤᠨ ᠬᠤᠷᠢᠶᠠᠨ | ᠤ ︿ᠰᠠᠨᠠᠯ﹀ ᠳᠤ ᠠᠭᠤᠯᠠ ᠤᠰᠤ ᠤᠢ ᠰᠢᠭᠤᠢ ᠲᠠᠷᠢᠶ᠎ᠠ ᠪᠡᠯᠴᠢᠭᠡᠷ ᠨᠠᠭᠤᠷ ᠪᠦᠷᠢᠳᠦ ᠡᠯᠡᠰᠦ ᠮᠠᠩᠬᠠᠨ ᠤ | ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠤᠷᠤᠨ ᠤ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠠᠮᠢ ᠠᠬᠤᠢ ᠶᠢᠨ ᠪᠠᠶᠢᠭᠤᠯᠤᠯᠲᠠ ᠶᠢᠨ ᠲᠡᠷᠢᠭᠦᠨ ᠴᠢᠬᠤᠯᠠ | ᠡᠭᠦᠷᠭᠡ ᠪᠤᠯᠭᠠᠨ᠎ᠠ ᠭᠡᠵᠡᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠪᠣᠯᠤᠭᠰᠠᠨ ᠤ | ᠬᠤᠪᠢ ᠳᠤ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠥᠪᠥᠷ | ᠮᠣᠩᠭᠤᠯ ᠤᠨ ᠠᠮᠢ ᠠᠬᠤᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠨ | ᠤᠶᠢᠯᠠᠭᠠᠯ᠎ᠠ᠃ ︿ᠰᠠᠨᠠᠯ﹀ ᠳᠤ᠂ ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ ᠤᠰᠤᠨ ᠤ ᠪᠣᠬᠢᠷᠲᠤᠯ ᠢ | ᠵᠠᠰᠠᠬᠤ ᠠᠵᠢᠯ ᠢ ᠴᠢᠩᠭᠠᠳᠬᠠᠵᠤ᠂ ᠬᠤᠭ ᠨᠣᠪᠰᠢ ᠪᠠ ᠪᠣᠬᠢᠷ ᠤᠰᠤᠨ ᠤ ᠴᠤᠭᠯᠠᠭᠤᠯᠬᠤ᠂ ᠰᠢᠯᠵᠢᠬᠦᠯᠬᠦ᠂ | ᠰᠢᠢᠳᠪᠦᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠭᠰᠠᠨ᠃ | ᠨᠡᠩ ᠴᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠮᠡᠬᠦ ᠣᠶᠢᠯᠠᠭᠠᠭᠳᠠᠬᠤᠨ ᠢ | ᠪᠠᠳᠤᠳᠬᠠᠬᠤ ᠲᠤᠬᠠᠢ ᠲᠤᠳᠤᠷᠬᠠᠶᠢᠯᠠᠭᠰᠠᠨ ᠪᠠᠶᠢᠨ᠎ᠠ᠃ ᠮᠠᠨ ᠤ ᠮᠥᠷᠥᠨ ᠳᠡᠭᠡᠷᠡᠬᠢ ᠡᠬᠦᠷᠭᠡ ᠬᠠᠷᠢᠭᠤᠴᠠᠯᠭ᠎ᠠ | ᠬᠦᠨᠳᠦ ᠪᠠᠶᠢᠭ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ︿ᠰᠠᠨᠠᠯ﹀ ᠢᠶᠠᠷ ᠠᠵᠢᠯᠯᠠᠭᠠᠨ ᠤ ᠵᠦᠭᠯᠡᠭᠦᠷ | ᠪᠣᠯᠭᠠᠵᠤ᠂ ᠰᠤᠳᠤᠯᠤᠨ ᠡᠬᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠬᠤ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠂ ᠠᠵᠤ ᠦᠢᠯᠡᠳᠪᠦᠷᠢ ᠶᠢᠨ | ᠪᠣᠬᠢᠷ ᠤᠰᠤ ᠶᠢ ᠰᠢᠢᠳᠪᠦᠷᠢᠯᠡᠬᠦ ᠵᠢᠴᠢ ᠴᠡᠪᠷᠰᠢᠬᠦᠯᠦᠭᠰᠡᠨ ᠤᠰᠤ ᠶᠢ ᠲᠠᠬᠢᠨ ᠬᠡᠷᠡᠭᠯᠡᠬᠦ ᠵᠡᠷᠭᠡ ᠠᠷᠠᠳ ᠤᠨ | ᠠᠮᠢᠳᠤᠷᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ᠥᠪᠥᠷ ᠮᠣᠩᠭᠤᠯ ᠣᠷᠣᠨ ᠳᠤ ᠨᠠᠩ ᠲᠤᠬᠢᠷᠠᠭᠰᠠᠨ ᠤᠰᠤ ᠰᠢᠢᠳᠪᠦᠷᠢᠯᠡᠬᠦ ᠲᠥᠬᠦᠭᠡᠷᠦᠮᠵᠢ ᠪᠠ | ᠦᠢᠯᠡᠳᠬᠦᠨ ᠢ ᠰᠤᠳᠤᠯᠤᠨ ᠦᠢᠯᠡᠳᠴᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠤᠨ | ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾᠃ | ᠬᠤᠩ ᠵᠢᠩ ᠶᠤᠸᠠᠨ ᠢᠳᠡᠰᠢᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠵᠡᠭᠦᠯᠦᠯᠭᠡ ᠶᠢᠨ | ᠲᠢᠩᠬᠢᠮ ᠳᠤ ᠣᠷᠣᠬᠤ ᠳᠤ᠂ ᠬᠠᠨ᠎ᠠ ᠲᠦᠬᠦᠷᠡᠩ ᠢᠷᠠᠭᠤ ᠠᠯᠳᠠᠷ ᠤᠨ ᠦᠨᠡᠮᠯᠡᠯ ᠡᠯᠬᠦᠵᠦ᠂ ᠰᠢᠷᠡᠭᠡ ᠲᠦᠬᠦᠷᠡᠩ | ᠰᠢᠨ᠎ᠡ ᠰᠤᠷᠭᠤᠭ ᠪᠦᠲᠦᠭᠡᠭᠳᠡᠬᠦᠨ ᠦᠷᠦᠭᠰᠡᠨ ᠬᠠᠷᠠᠭᠳᠠᠨ᠎ᠠ᠃ 1983 ᠣᠨ ᠳᠤ ᠪᠠᠶᠢᠭᠤᠯᠤᠭᠳᠠᠭᠰᠠᠨ ᠬᠤᠩ | ᠵᠢᠩ ᠶᠤᠸᠠᠨ ᠺᠤᠮᠫᠠᠨᠢ ᠶᠢᠨ ᠬᠢᠨ ︽ᠦᠨᠡᠨᠴᠢ ᠢᠲᠡᠭᠡᠮᠵᠢᠲᠡᠢ ᠪᠠᠷ ᠦᠨᠳᠦᠰᠦ ᠪᠣᠯᠭᠠᠬᠤ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠬᠡᠨ ᠠᠯᠢᠨ ᠳᠠᠭᠠᠨ ᠠᠰᠢᠭᠲᠠᠢ | ᠪᠠᠶᠢᠬᠤ︾ ᠡᠵᠡᠩᠨᠡᠯᠲᠡ ᠶᠢᠨ ᠣᠶᠢᠯᠠᠭᠠᠭᠳᠠᠬᠤᠨ ᠪᠠ ︽ᠬᠥᠳᠡᠭᠡ ᠲᠣᠰᠬᠤᠨ ᠠᠴᠠ ᠢᠷᠡᠬᠦ ᠂ ᠬᠦᠳᠡᠭᠡ ᠠᠵᠤ | ᠠᠬᠤᠢ ᠳᠤ ᠦᠨᠳᠦᠰᠦᠯᠡᠬᠦ᠂ ᠲᠠᠷᠢᠶᠠᠴᠢᠳ ᠲᠤ ᠦᠢᠯᠡᠴᠢᠯᠡᠬᠦ︾ ᠬᠥᠭᠵᠢᠯᠲᠡ ᠶᠢᠨ ᠵᠣᠷᠢᠯᠲᠠ ᠶᠢ ᠢᠮᠠᠭᠲᠠ | ᠪᠠᠷᠢᠮᠳᠠᠯᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠳᠡᠮ ᠤᠨ ᠰᠠᠶᠢᠨ ᠦᠨᠡᠯᠡᠯᠲᠡ ᠶᠢ ᠤᠯᠵᠤ ᠢᠷᠡᠭᠰᠡᠨ | ᠶᠤᠮ᠃ 40 ᠵᠢᠯ ᠤᠨ ᠲᠤᠷᠰᠢ᠂ ︽ᠬᠤᠩ ᠵᠢᠩ ᠶᠤᠸᠠᠨ︾ ᠤ ᠬᠢᠨ ᠰᠢᠯᠢᠳᠡᠭ ᠰᠠᠶᠢᠨ ᠣᠷᠣᠨ ᠪᠠᠶᠢᠷᠢ ᠶᠢᠨ | ᠳᠠᠪᠠᠭᠤᠯᠢᠭ ᠪᠣᠯᠣᠨ ᠦᠪᠯᠡᠨ ᠬᠤᠷᠠᠮᠳᠤᠭᠤᠯᠤᠭᠰᠠᠨ ᠦᠢᠯᠡᠳᠪᠦᠷᠢᠯᠡᠯ ᠤᠨ ᠤᠷ᠎ᠠ ᠮᠡᠷᠭᠡᠵᠢᠯ ᠳᠡᠭᠡᠨ ᠲᠦᠰᠢᠭᠯᠡᠵᠦ᠂ | ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠦᠷᠭᠡᠳᠭᠡᠨ᠂ ᠪᠦᠳᠦᠭᠡᠭᠳᠡᠬᠦᠨ ᠢᠶᠠᠨ ᠪᠦᠬᠦ ᠤᠯᠤᠰ ᠤᠨ ᠵᠠᠬ᠎ᠠ | ᠲᠡᠯᠬᠡᠬᠦᠷ ᠲᠤ ᠪᠣᠷᠣᠯᠠᠭᠤᠯᠬᠤ ᠶᠢᠨ ᠬᠠᠮᠲᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ᠂ ᠲᠣᠮᠣ ᠲᠤᠮᠤ ᠡᠮᠨᠡᠯᠭᠡ ᠶᠢᠨ ᠬᠤᠷᠢᠶ᠎ᠠ᠂ ᠶᠡᠭᠡ ᠲᠡᠭᠡᠳᠦ ᠰᠤᠷᠭᠠᠭᠤᠯᠢ ᠵᠡᠷᠭᠡ ᠨᠢᠭᠡᠴᠡ ᠳᠤ | ᠲᠠᠨᠢᠯᠴᠠᠭᠤᠯᠤᠨ ᠪᠤᠷᠤᠯᠠᠭᠤᠯᠤᠭᠠᠳ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠤ᠂ ᠳᠤᠮᠳᠠᠳᠤ ᠤᠯᠤᠰ ᠤᠨ | ᠶᠠᠮᠠ ᠶᠢᠨ ᠦᠷ᠎ᠡ ᠶᠢᠨ ᠳᠤᠰᠤᠨ ᠤ ᠠᠵᠢᠯ ᠲᠦᠷᠦᠯ ᠤᠨ ᠲᠤᠯᠤᠭᠠᠶᠢᠯᠠᠭᠴᠢ ᠲᠦᠷᠦᠯ ᠲᠡᠮᠳᠡᠭ ᠪᠠ ᠳᠠᠭᠠᠭᠤᠯᠤᠭᠴᠢ | ᠠᠵᠤ ᠠᠬᠤᠶᠢᠯᠠᠯ ᠪᠣᠯᠵᠠᠢ᠃ | ᠬᠤᠩ ᠵᠢᠩ ᠶᠤᠸᠠᠨ ᠺᠣᠮᠫᠠᠨᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠬᠤ᠋ ᠯᠢᠶᠠᠩ | ᠄ ︽ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠳᠡᠯᠡᠭᠰᠡᠨ ︿ᠰᠠᠨᠠᠯ﹀ ᠨᠢ ᠥᠪᠥᠷ ᠮᠣᠩᠭᠤᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠪᠠᠰᠠ ᠨᠢᠭᠡ ᠤᠳᠠᠭᠠᠨ ᠤ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠤᠯᠭᠤᠯ᠎ᠠ᠂ ︿ᠰᠠᠨᠠᠯ﹀ ᠳᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ ᠨᠡᠷᠡᠲᠦ ᠲᠡᠮᠳᠡᠭ ᠢ ᠪᠤᠶ ᠪᠣᠯᠭᠠᠬᠤ | ᠶᠢ ᠠᠬᠢᠭᠤᠯᠤᠨ᠎ᠠ ᠬᠡᠵᠦ ᠲᠤᠷᠠᠳᠤᠭᠰᠠᠨ ᠪᠠᠶᠢᠨ᠎ᠠ᠂ ᠲᠠᠶᠢᠹᠤᠰᠧ ᠬᠤᠰᠢᠭᠤᠨ ᠤ ᠨᠤᠲᠤᠭ ᠤᠨ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠪᠢᠳᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠵᠤ ᠠᠬᠤᠶᠢᠯᠠᠯ ᠤᠨ | ᠢᠶᠠᠨ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠰᠢᠯᠭᠠᠨ ᠪᠠᠶᠢᠴᠠᠭᠠᠬᠤ᠂ ᠬᠠᠮᠢᠶᠠᠷᠬᠤ᠂ ᠰᠢᠨ᠎ᠡ ᠶᠢ ᠡᠭᠦᠳᠬᠦ | ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠶᠠᠰᠤ ᠴᠢᠨᠠᠷ ᠢᠶᠠᠷ ᠬᠥᠭᠵᠢᠯᠲᠡ ᠶᠢᠨ ᠭᠤᠣᠯᠳᠠᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠢᠳᠡᠰᠢᠨ ᠲᠣᠰᠣᠨ ᠤ ᠠᠵᠤ ᠦᠢᠯᠡᠰ ᠢᠶᠠᠨ ᠦᠷᠭᠦᠯᠵᠢᠯᠡᠨ | ᠪᠤᠵᠠᠭᠠᠶᠢᠷᠠᠭᠤᠯᠤᠨ ᠬᠦᠴᠦᠷᠭᠡᠭᠵᠢᠬᠦᠯᠦᠨ᠎ᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ︿ᠰᠠᠨᠠᠯ﹀ ᠢᠶᠠᠷ | ᠠᠵᠢᠯᠯᠠᠭᠠᠨ ᠤ ᠵᠦᠭᠯᠡᠭᠦᠷ ᠪᠤᠯᠭᠠᠨ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂ | ︽ᠲᠠᠪᠤᠨ ᠶᠡᠭᠡ ᠡᠭᠦᠷᠭᠡ︾ ᠶᠢ ᠰᠡᠳᠬᠢᠯ ᠲᠠᠯᠪᠢᠨ ᠨᠠᠶᠢᠳᠠᠪᠤᠷᠢᠵᠢᠭᠤᠯᠬᠤ ᠲᠠᠯ᠎ᠠ ᠪᠠᠷ ᠢᠳᠡᠪᠬᠢᠲᠡᠢ ᠴᠢᠷᠮᠠᠶᠢᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠤᠪᠢ ᠨᠡᠮᠡᠷᠢ ᠪᠠᠨ ᠦᠵᠡᠭᠦᠯᠦᠨ᠎ᠡ︾᠃ |