11 ᠰᠠᠷ᠎ᠠ ᠶᠢᠨ 7 ᠤ ᠡᠳᠦᠷ᠂ ᠪᠤᠤᠴᠠᠩ ᠪᠠᠯᠭᠠᠰᠤ ︽ᠤᠯᠤᠰ ᠲᠥᠷᠥ ᠶᠢᠨ ᠴᠢᠳᠠᠪᠤᠷᠢ᠂ ᠰᠡᠳᠬᠢᠬᠦᠢ ᠶᠢᠨ | ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ | ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ | ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠠᠷᠢᠯᠴᠠᠬᠤ ᠳᠤᠭᠤᠶᠢᠯᠠᠩ ᠤᠨ | ᠬᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ | ᠳᠡᠳ᠋ ᠱᠦᠵᠢ ᠸᠠᠩ ᠹᠦ᠋ ᠯᠠᠢ᠂ ᠵᠣᠬᠢᠶᠠᠨ ᠪᠠᠶᠢᠭᠤᠯᠬᠤ ᠭᠡᠰᠢᠭᠦᠨ ᠯᠢ ᠳ᠋ᠧ ᠱᠧᠩ᠂ ᠤᠬᠠᠭᠤᠯᠬᠤ ᠭᠡᠰᠢᠭᠦᠨ ᠯᠢᠦ | ᠬᠤᠸᠠᠨ ᠴᠢᠩ ᠠᠴᠠ ᠲᠣᠰᠪᠣᠷᠢ ︽ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ ᠶᠡᠷᠦᠩᠬᠡᠢ ᠱᠦᠵᠢ ᠰᠢ ᠶᠢᠨ | ᠫᠢᠩ ᠤᠨ ᠶᠠᠷᠢᠶ᠎ᠠ ︾ ︽ᠶᠡᠷᠦᠩᠬᠡᠢ ᠱᠦᠵᠢ ᠰᠢ ᠶᠢᠨ ᠫᠢᠩ ᠤᠨ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ | ᠶᠢᠨ ᠶᠠᠷᠢᠶ᠎ᠠ︾ ᠂ ︽ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ | ᠪᠠᠶᠢᠷᠢᠯᠠᠭᠤᠯᠤᠯᠲᠠ ᠶᠢᠨ ᠬᠤᠷᠠᠯ ᠤᠨ ᠶᠠᠷᠢᠶ᠎ᠠ︾ ᠶᠢ ᠳᠠᠭᠠᠭᠤᠯᠤᠨ ᠰᠤᠷᠤᠯᠴᠠᠵᠠᠢ᠃ ᠳᠠᠷᠠᠭ᠎ᠠ ᠨᠢ᠂ ᠬᠤᠷᠠᠯ ᠳᠤ | ᠣᠷᠣᠯᠴᠠᠭᠰᠠᠳ ︽ᠤᠯᠤᠰ ᠲᠥᠷᠥ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ᠂ ᠦᠢᠯᠡᠳᠦᠯᠭᠡ ᠶᠢᠨ | ᠴᠢᠳᠠᠪᠤᠷᠢ ᠪᠠᠨ ᠳᠡᠭᠡᠭᠰᠢᠯᠡᠭᠦᠯᠬᠦ︾ ᠭᠤᠣᠯ ᠰᠡᠳᠦᠪ ᠤᠨ ᠲᠣᠭᠤᠷᠢᠨ ᠳᠤ᠂ ᠪᠤᠤᠴᠠᠩ ᠪᠠᠯᠭᠠᠰᠤᠨ ᠤ | ᠬᠥᠭᠵᠢᠯᠲᠡ ᠶᠢᠨ ᠪᠣᠳᠠᠲᠤ ᠪᠠᠶᠢᠳᠠᠯ ᠪᠠ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠭᠰᠠᠨ ᠪᠠᠶᠢᠨ᠎ᠠ᠃ ᠸᠠᠩ ᠰᠢ ᠪᠢᠨ ᠶᠠᠷᠢᠶᠠᠨ ᠳᠠᠭᠠᠨ᠂ ᠨᠢᠭᠡ ᠳᠤ ᠭᠦᠨᠵᠡᠭᠡᠢ | ᠰᠤᠷᠤᠯᠴᠠᠨ ᠨᠡᠪᠲᠡᠷᠬᠡᠢ ᠣᠶᠢᠯᠠᠭᠠᠬᠤ ᠶᠢᠨ ᠳᠤᠮᠳᠠ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠳᠤ ᠠᠭᠤᠯᠤᠭᠳᠠᠵᠤ ᠪᠠᠶᠢᠭ᠎ᠠ ᠦᠵᠡᠯᠲᠡ ᠵᠣᠭᠰᠣᠯᠲᠠ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ | ᠬᠡᠷᠡᠭᠯᠡᠵᠦ᠂ ᠤᠨᠤᠯ ᠢᠶᠠᠷ ᠦᠢᠯᠡᠳᠦᠯᠭᠡ ᠪᠠᠨ ᠵᠢᠯᠣᠭᠤᠳᠤᠭᠤᠯᠬᠤ ᠬᠡᠷᠡᠭᠲᠡᠢ᠃ ᠬᠤᠶᠠᠷ ᠲᠤ ᠰᠤᠷᠤᠯᠴᠠᠬᠤ ᠰᠡᠳᠬᠢᠬᠦ | ᠦᠢᠯᠡᠳᠦᠯᠭᠡᠵᠢᠭᠦᠯᠬᠦ ᠶᠢᠨ ᠳᠤᠮᠳᠠ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠲᠦᠷᠦᠯ ᠤᠨ | ᠠᠵᠢᠯ ᠢ ᠪᠦᠬᠦ ᠪᠠᠯᠭᠠᠰᠤᠨ ᠤ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠤᠨ᠂ ᠡᠯ᠎ᠡ ᠲᠦᠷᠦᠯ ᠤᠨ ᠠᠵᠢᠯ | ᠤᠨ ᠬᠠᠷᠢᠯᠴᠠᠨ ᠤᠶᠠᠯᠳᠤᠵᠤ ᠬᠠᠷᠢᠯᠴᠠᠨ ᠠᠬᠢᠭᠤᠯᠬᠤ ᠶᠢ ᠪᠡᠶᠡᠯᠡᠬᠦᠯᠵᠦ᠂ ᠪᠦᠬᠦ ᠪᠠᠯᠭᠠᠰᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ ᠰᠣᠷᠣᠭᠰᠠᠨ ᠢᠶᠠᠨ ᠬᠡᠷᠡᠭᠯᠡᠬᠦ | ᠶᠢᠨ ᠳᠤᠮᠳᠠ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠣᠨᠣᠯ ᠢ ᠪᠣᠳᠠᠲᠠᠢ ᠲᠠᠢ ᠤᠶᠠᠯᠳᠤᠭᠤᠯᠬᠤ | ᠰᠢᠯᠢᠳᠡᠭ ᠰᠤᠷᠤᠯᠴᠠᠬᠤ ᠰᠤᠷᠲᠠᠯ ᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠶᠢ ᠴᠠᠭ ᠲᠤᠬᠠᠢ ᠳᠤᠨᠢ ᠭᠦᠨᠵᠡᠭᠡᠢ | ᠥᠷᠨᠢᠭᠦᠯᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ | ᠠᠳᠬᠤᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠦᠮᠡᠨᠴᠢ ᠠᠵᠢᠯ ᠢ ᠲᠠᠰᠤᠷᠠᠯᠲᠠ ᠦᠭᠡᠢ ᠭᠦᠨᠵᠡᠭᠡᠢ ᠨᠠᠷᠢᠯᠢᠭ ᠪᠣᠳᠠᠲᠠᠢ | ᠬᠢᠬᠦ ᠬᠡᠷᠡᠭᠲᠡᠢ ᠬᠡᠵᠦ ᠴᠢᠬᠤᠯᠠᠴᠢᠯᠠᠵᠠᠢ᠃ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ | ᠬᠤᠶᠠᠳᠤᠭᠠᠷ ᠬᠠᠷᠢᠯᠴᠠᠬᠤ ᠳᠤᠭᠤᠶᠢᠯᠠᠩ ᠤᠨ ᠳᠠᠷᠤᠭ᠎ᠠ ᠵᠠᠩ ᠹᠧᠩ ᠦ᠋ ᠠᠴᠠ ᠰᠤᠳᠤᠯᠤᠨ ᠶᠠᠷᠢᠯᠴᠠᠬᠤ ᠮᠠᠲ᠋ᠧᠷᠢᠶᠠᠯ | ᠳᠤ ᠨᠢᠭᠡᠳ ᠨᠢᠭᠡ ᠪᠠᠷ ᠦᠨᠡᠯᠡᠯᠳᠡ ᠬᠢᠭᠰᠡᠨ ᠤ ᠬᠠᠮᠳᠤ᠂ ᠭᠤᠣᠯ ᠰᠡᠳᠦᠪᠲᠦ ᠬᠥᠮᠦᠵᠢᠯ ᠤᠨ ᠬᠤᠶᠢᠰᠢᠳᠠ ᠶᠢᠨ | ᠠᠵᠢᠯ ᠳᠤ ᠵᠢᠯᠣᠭᠤᠳᠤᠯᠭ᠎ᠠ ᠬᠢᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |