ᠶᠦᠩ ᠹᠧᠩ ᠪᠠᠯᠭᠠᠰᠤ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/9
   ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠷᠰᠢᠯᠭ᠎ᠠ ᠶᠢ ᠭᠦᠨᠵᠡᠭᠡᠢ ᠳ᠋ᠦᠩᠨᠡᠨ᠂ ᠠᠰᠠᠭᠤᠳᠠᠯ ᠢ ᠪᠠᠶᠢᠴᠠᠭᠠᠨ ᠳᠡᠯᠭᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 8 ᠤ ᠡᠳᠦᠷ ᠶᠦᠩ ᠹᠧᠩ ᠪᠠᠯᠭᠠᠰᠤ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ  ᠬᠢᠵᠦ᠂ ᠡᠯ᠎ᠡ ᠨᠠᠮ ᠤᠨ ᠡᠭᠦᠷ ᠤᠨ ᠱᠦᠵᠢ᠂ ᠳᠡᠳ᠋ ᠱᠦᠵᠢ ᠨᠠᠷ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠡᠯ᠎ᠡ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠣᠷᠣᠰᠢᠵᠤ ᠪᠠᠶᠢᠭ᠎ᠠ ᠠᠰᠠᠭᠤᠳᠠᠯ᠂ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠭᠤᠣᠯ ᠰᠡᠳᠦᠪᠲᠦ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠬᠤ ᠲᠤᠬᠠᠢ  ᠲᠠᠬᠢᠨᠳᠠ ᠲᠣᠬᠢᠷᠠᠭᠤᠯᠤᠯᠲᠠ ᠬᠢᠵᠡᠢ᠃ ᠡᠭᠦᠨ ᠤ ᠬᠠᠮᠲᠤ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠬᠤ︾ ᠲᠤᠰᠬᠠᠢ ᠠᠵᠢᠯ ᠢ ᠰᠠᠶᠢᠲᠤᠷ ᠥᠷᠨᠢᠭᠦᠯᠬᠦ ᠲᠠᠯᠠᠪᠠᠷ ᠪᠠᠶᠢᠷᠢᠯᠠᠭᠤᠯᠤᠯᠲᠠ ᠬᠢᠭᠰᠡᠨ ᠪᠥᠭᠡᠳ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2023 ᠣᠨ ᠤ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠪᠠ ᠬᠤᠰᠢᠭᠤ ᠨᠠᠮ ᠤᠨ ᠬᠤᠷᠢᠶᠠᠨ ᠤ 2023 ᠣᠨ ᠤ ᠨᠢᠭᠡᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠠᠮᠳᠤ ᠳᠠᠭᠠᠨ ᠰᠤᠷᠤᠯᠴᠠᠭᠰᠠᠨ ᠪᠠᠶᠢᠨ᠎ᠠ᠃ ᠬᠤᠷᠠᠯ ᠠᠴᠠ᠂ ᠨᠢᠬᠡ ᠳᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠶᠢ ᠠᠳᠬᠤᠬᠤ ᠬᠡᠷᠡᠭᠲᠡᠢ᠃ ᠡᠯ᠎ᠡ ᠨᠠᠮ ᠤᠨ ᠡᠭᠦᠷ  ᠨᠢ ᠪᠠᠯᠭᠠᠰᠤᠨ ᠤ ᠨᠠᠮ ᠤᠨ ᠬᠤᠷᠢᠶᠠᠨ ᠤ  ᠲᠤᠭᠳᠠᠭᠠᠭᠰᠠᠨ ᠰᠤᠷᠤᠯᠴᠠᠬᠤ ᠲᠥᠯᠥᠪᠯᠡᠭᠡ  ᠶᠤᠰᠤᠭᠠᠷ᠂ ᠨᠠᠮ ᠤᠨ ᠭᠡᠰᠢᠬᠦᠳ ᠤᠨ ᠦᠪᠡᠷᠳᠡᠭᠡᠨ ᠰᠤᠷᠤᠯᠴᠠᠬᠤ ᠲᠥᠯᠥᠪᠯᠡᠭᠡ ᠲᠠᠢ ᠤᠶᠠᠯᠳᠤᠭᠤᠯᠤᠨ᠂ ᠰᠤᠷᠤᠯᠴᠠᠬᠤ ᠨᠣᠮ ᠤᠨ ᠭᠠᠷᠴᠠᠭ ᠢ ᠲᠤᠭᠳᠠᠬᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾  ᠲᠠᠪᠴᠠᠩ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠵᠦᠢᠯ ᠤᠨ ᠠᠷᠭ᠎ᠠ ᠬᠡᠯᠪᠡᠷᠢ ᠶᠢ ᠰᠠᠶᠢᠲᠤᠷ ᠬᠡᠷᠡᠭᠯᠡᠵᠦ᠂ ᠪᠠᠶᠢᠩᠭᠤ ᠰᠠᠭᠤᠭ᠎ᠠ ᠨᠠᠮ ᠤᠨ ᠭᠡᠰᠢᠭᠦᠨ ᠪᠠ ᠨᠡᠭᠦᠳᠡᠯ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠠᠢ ᠤᠶᠠᠯᠳᠤᠭᠤᠯᠤᠨ᠂ ᠰᠤᠷᠤᠯᠴᠠᠬᠤ ᠶᠢᠨ ᠳᠠᠭᠠᠤ ᠪᠠᠶᠢᠴᠠᠭᠠᠬᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠭᠡᠰᠢᠭᠦᠨ ᠤ ︽ᠵᠢᠷᠭᠤᠭᠠᠨ ᠲᠠᠯ᠎ᠠ︾ ᠶᠢᠨ ᠠᠰᠠᠭᠤᠳᠠᠯ ᠢ ᠪᠠᠶᠢᠴᠠᠭᠠᠨ ᠳᠡᠯᠭᠡᠬᠦ ᠪᠠ ᠭᠤᠣᠯ ᠰᠡᠳᠦᠪᠲᠦ ᠬᠥᠮᠦᠵᠢᠯ ᠢ ᠠᠬᠢᠭᠤᠯᠬᠤ ᠳᠤᠮᠳᠠ ᠠᠰᠠᠭᠤᠳᠠᠯ ᠢ ᠢᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠨᠠᠮ ᠤᠨ ᠡᠭᠦᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠭ᠎ᠠ  ᠪᠠᠷᠢᠯ ᠢᠶᠠᠨ ᠨᠠᠷᠢᠯᠢᠬᠵᠢᠭᠤᠯᠵᠤ᠂ ᠴᠠᠭ ᠲᠤᠭᠳᠠᠭᠠᠨ ᠴᠡᠭᠴᠡᠯᠡᠨ ᠰᠠᠶᠢᠵᠢᠷᠠᠭᠤᠯᠵᠤ᠂  ᠴᠡᠭᠴᠡᠯᠡᠯᠳᠡ ᠪᠠᠷ ᠲᠠᠮᠵᠢᠨ ᠨᠠᠶᠢᠳᠠᠪᠤᠷᠢᠵᠢᠯᠳᠠ ᠶᠢ ᠠᠬᠢᠭᠤᠯᠵᠤ ᠲᠡᠭᠡᠭᠰᠢᠯᠡᠯᠳᠡ ᠶᠢ ᠠᠬᠢᠭᠤᠯᠬᠤ ᠭᠡᠷᠡᠭᠳᠡᠢ᠃ ᠭᠤᠷᠪᠠ ᠳᠤ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠵᠢᠯ ᠬᠢᠬᠦ ᠬᠡᠷᠡᠭᠲᠡᠢ᠃ ᠵᠣᠷᠢᠯᠲᠠ   ᠶᠢᠨ ᠤᠬᠠᠮᠰᠠᠷ ᠢ ᠪᠠᠲᠤ ᠪᠤᠶ ᠪᠤᠯᠭᠠᠨ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠠᠩᠬᠠᠷᠤᠯ ᠲᠠᠯᠪᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠲᠤᠰᠤᠯᠲᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠤᠨ ᠲᠦᠷᠦᠯ ᠵᠦᠢᠯ ᠢ ᠠᠬᠢᠭᠤᠯᠬᠤ ᠳᠡᠭᠡᠷ᠎ᠡ ᠲᠠᠯᠪᠢᠵᠤ᠂ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠶᠢ ᠣᠶᠢᠯᠠᠭᠠᠬᠤ ᠳᠡᠭᠡᠷ᠎ᠡ ᠲᠠᠯᠪᠢᠵᠤ᠂ ᠤᠯᠠᠨ ᠲᠦᠮᠡᠨ ᠤ ᠰᠠᠨᠠᠭᠠᠰᠢᠷᠠᠵᠤ ᠵᠤᠪᠠᠵᠤ ᠬᠦᠰᠡᠵᠦ ᠰᠠᠨᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ︽ᠬᠦᠴᠢᠷ ᠠᠰᠠᠭᠤᠳᠠᠯ ᠢ ᠰᠢᠢᠳᠪᠦᠷᠢᠯᠡᠬᠦ᠂  ᠪᠤᠳᠠᠳᠠᠢ ᠶᠠᠪᠤᠳᠠᠯ ᠬᠢᠬᠦ︾ ᠠᠮᠵᠢᠯᠲᠠ ᠪᠦᠲᠦᠮᠵᠢ ᠪᠣᠯᠭᠠᠨ  ᠬᠤᠪᠢᠷᠠᠭᠤᠯᠬᠤ ᠭᠡᠷᠡᠭᠳᠡᠢ ᠬᠡᠵᠦ ᠴᠢᠬᠤᠯᠠᠴᠢᠯᠠᠨ ᠱᠠᠭᠠᠷᠳᠠᠵᠠᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号