ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/12/1
   11 ᠰᠠᠷ᠎ᠠ ᠶᠢᠨ 30 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠵᠤ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠯᠢᠦ ᠲᠢᠩ ᠰᠢᠸ ᠬᠤᠷᠠᠯ ᠢ ᠡᠷᠭᠢᠯᠡᠪᠡ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠤᠨ ᠵᠥᠪᠯᠡᠬᠦ ᠵᠦᠢᠯ ︵ᠲᠥᠰᠥᠯ︶ ᠢ ᠬᠢᠨᠠᠨ ᠵᠥᠪᠯᠡᠵᠦ ᠪᠠᠳᠤᠯᠠᠭᠰᠠᠨ ᠪᠦᠭᠡᠳ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠨᠡᠮᠡᠵᠦ ᠨᠥᠬᠦᠪᠦᠷᠢᠯᠡᠬᠦ᠂  ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠤᠷᠤᠯᠴᠠᠬᠤ ᠪᠠ ᠬᠠᠷᠢᠯᠴᠠᠬᠤ ᠠᠵᠢᠯ ᠤᠨ ᠵᠥᠪᠯᠡᠯ ᠢ ᠪᠠᠶᠢᠭᠤᠯᠬᠤ᠂  ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ  ᠲᠤᠭᠳᠠᠭᠠᠬᠤ ᠵᠡᠷᠭᠡ ᠤᠴᠢᠷ ᠶᠠᠪᠤᠳᠠᠯ ᠢ ᠬᠢᠨᠠᠨ ᠵᠥᠪᠯᠡᠵᠦ ᠪᠠᠳᠤᠯᠠᠭᠰᠠᠨ ᠪᠠᠶᠢᠨ᠎ᠠ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠦᠵᠡᠯ ᠰᠠᠨᠠᠭ᠎ᠠ ᠤᠯᠤᠰ ᠲᠥᠷᠥ  ᠶᠢᠨ ᠵᠢᠯᠤᠭᠤᠳᠤᠯᠭ᠎ᠠ ᠶᠢ ᠴᠢᠩᠭᠠᠳᠬᠠᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ ᠬᠦᠨᠵᠡᠬᠡᠶᠢᠷᠡᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠢ ᠠᠩᠬᠠᠷᠴᠤ ᠬᠠᠯᠠᠮᠵᠢᠯᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠤᠶᠢᠯᠠᠭᠠᠵᠤ᠂ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠴᠠᠭ ᠲᠤᠬᠠᠢ ᠳᠤᠨᠢ ᠡᠵᠡᠮᠰᠢᠨ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ  ᠵᠦᠢ ᠵᠤᠬᠢᠰᠳᠠᠢ  ᠵᠦᠪ ᠰᠠᠨᠠᠭᠤᠯᠭ᠎ᠠ ᠶᠢ ᠢᠯᠡᠬᠦᠬᠡᠨ ᠲᠤᠷᠠᠳᠴᠤ᠂ ᠰᠢᠨ᠎ᠡ ᠶᠢ ᠡᠬᠦᠳᠦᠭᠰᠡᠨ ᠪᠦᠳᠦᠭᠡᠯᠴᠢ ᠠᠷᠭ᠎ᠠ ᠶᠢ ᠢᠯᠡᠬᠦᠬᠡᠨ ᠰᠦᠪᠡᠭᠴᠢᠯᠡᠵᠦ᠂ ᠪᠣᠳᠠᠲᠠᠢ ᠶᠢ ᠡᠷᠬᠢᠮᠯᠡᠭᠰᠡᠨ ᠮᠡᠷᠭᠡᠨ ᠪᠣᠳᠣᠯᠭ᠎ᠠ ᠶᠢ ᠢᠯᠡᠬᠦᠬᠡᠨ ᠡᠷᠬᠦᠬᠦ ᠭᠡᠷᠡᠭᠳᠡᠢ ᠬᠡᠵᠦ ᠴᠢᠬᠤᠯᠠᠴᠢᠯᠠᠪᠠ᠃  ᠤᠯᠤᠰ ᠲᠥᠷᠥ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠴᠢ ᠵᠢᠦ ᠴᠧᠩ᠂ ᠢᠦᠢ ᠴᠧᠩ ᠭᠦᠸᠧ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号