ᠱᠠᠲᠤ ᠬᠤᠪᠢᠶᠠᠨ ᠣᠨᠣᠰᠢᠯᠠᠨ ᠡᠮᠴᠢᠯᠡᠬᠦ ᠶᠢ ᠨᠠᠶᠢᠳᠠᠪᠤᠷᠢᠵᠢᠭᠤᠯᠵᠤ ᠣᠶᠢᠷ᠎ᠠ ᠬᠠᠪᠢ ᠳᠤ ᠪᠠᠨ ᠡᠮᠴᠢᠯᠡᠭᠦᠯᠬᠦ ᠳᠤ ᠳᠥᠬᠦᠮᠯᠡᠪᠡ — —       ᠠᠮᠢᠰᠬᠤᠯ ᠤᠨ ᠵᠠᠮ ᠤᠨ ᠬᠠᠯᠳᠠᠪᠤᠷᠢᠯᠠᠯ ᠳᠤ ᠨᠡᠷᠪᠡᠭᠳᠡᠭᠰᠡᠨ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠨ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠯᠲᠠ ᠨ᠊
ᠨᠡᠶᠢᠲᠡᠯᠡᠭᠰᠡᠨ ᠴᠠᠭ᠄
2023/12/1
   ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠬᠡᠮᠵᠢᠶ᠎ᠡ ᠨᠡᠮᠡᠭᠳᠡᠵᠦ᠂ ᠠᠮᠢᠰᠬᠤᠯ ᠤᠨ ᠵᠠᠮ ᠤᠨ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠦᠬᠡᠳ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ 23 ᠤ ᠡᠳᠦᠷ ᠰᠢᠨᠬᠤᠸᠠ ᠬᠤᠷᠢᠶᠠᠨ ᠤ ᠲᠤᠰᠠᠭᠠᠷ ᠰᠣᠷᠪᠤᠯᠵᠢᠯᠠᠭ᠎ᠠ ᠶᠢ ᠬᠦᠯᠢᠶᠡᠬᠦ ᠳᠤ ᠪᠠᠨ ᠠᠷᠠᠳ ᠣᠯᠠᠨ ᠢᠯᠠᠩᠭᠤᠶ᠎ᠠ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠳ ᠤᠨ ᠲᠤᠬᠠᠢ ᠬᠠᠷᠢᠭᠤᠯᠵᠠᠢ᠃    ᠠᠰᠠᠭᠤᠯᠲᠠ᠄ ᠣᠶᠢᠷ᠎ᠠ ᠳᠤ ᠴᠥᠭᠡᠨ ᠪᠤᠰᠤ ᠭᠠᠵᠠᠷ ᠤᠨ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶᠠᠨ ᠳᠤ ᠬᠥᠮᠥᠨ ᠳᠦᠭᠦᠷᠴᠦ ᠪᠠᠶᠢᠨ᠎ᠠ᠂ ᠡᠭᠦᠨ ᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ ᠪᠠᠶᠢᠭ᠎ᠠ ᠪᠤᠶ︖    ᠬᠠᠷᠢᠭᠤᠯᠲᠠ᠄ ᠣᠶᠢᠷ᠎ᠠ ᠳᠤ ᠪᠢᠳᠡ ᠬᠠᠯᠳᠠᠪᠤᠷᠢᠲᠤ ᠡᠪᠡᠳᠴᠢᠨ ᠶᠡᠭᠡ ᠪᠠᠷ ᠳᠡᠯᠭᠡᠷᠡᠵᠦ ᠪᠠᠶᠢᠭ᠎ᠠ ᠬᠤᠭᠤᠴᠠᠭᠠᠨ ᠳᠠᠬᠢ ᠬᠠᠯᠳᠠᠪᠤᠷᠢᠯᠠᠮᠠᠲᠠᠭᠠᠢ ᠬᠡᠦᠬᠡᠳ ᠢ ᠡᠮᠴᠢᠯᠡᠭᠦᠯᠬᠦ ᠶᠢ ᠦᠷᠭᠦᠯᠵᠢᠯᠡᠨ ᠠᠩᠬᠠᠷᠴᠤ᠂ ᠡᠯ᠎ᠡ ᠭᠠᠵᠠᠷ ᠢ ᠵᠢᠯᠣᠭᠤᠳᠤᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠢ ᠨᠠᠶᠢᠳᠠᠪᠤᠷᠢᠵᠢᠭᠤᠯᠪᠠ᠃    ᠠᠰᠠᠭᠤᠯᠲᠠ᠄ ᠬᠡᠰᠡᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠣᠶᠢᠷ᠎ᠠ ᠳᠤ ᠬᠡᠦᠬᠡᠳ ᠲᠤ ᠬᠠᠨᠳᠤᠭᠤᠯᠤᠭᠰᠠᠨ ᠪᠠᠶᠢᠴᠠᠭᠠᠬᠤ ᠦᠢᠯᠡᠴᠢᠯᠡᠭᠡ ᠭᠠᠷᠭᠠᠭᠰᠠᠨ ᠪᠣᠯᠪᠠᠴᠤ ᠵᠠᠷᠢᠮ ᠭᠡᠷ ᠤᠨ ᠠᠬᠠᠮᠠᠳ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠴᠢᠯᠡᠬᠦ ᠴᠢᠳᠠᠪᠤᠷᠢ ᠬᠦᠷᠦᠯᠴᠡᠬᠦ ᠦᠭᠡᠢ ᠠᠴᠠ ᠪᠣᠯᠵᠤ ᠬᠡᠦᠬᠡᠳ ᠤᠨ ᠡᠪᠡᠳᠴᠢᠨ ᠢ ᠰᠠᠭᠠᠲᠠᠭᠠᠬᠤ ᠠᠴᠠ ᠠᠶᠤᠵᠤ ᠪᠠᠶᠢᠨ᠎ᠠ᠂ ᠶᠠᠭᠠᠬᠢᠪᠠᠯ ᠵᠣᠬᠢᠬᠤ ᠪᠣᠶ︖    ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠡᠮᠴᠢᠯᠡᠭᠡᠨ ᠤ ᠬᠤᠯᠪᠣᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠩ ᠤᠨ ᠴᠢᠨᠠᠷᠲᠠᠢ ᠬᠠᠯᠳᠠᠪᠤᠷᠢᠯᠠᠯ ᠢ ᠣᠨᠣᠰᠢᠯᠠᠨ ᠡᠮᠴᠢᠯᠡᠬᠦ ᠴᠢᠳᠠᠪᠤᠷᠢ ᠪᠠ ᠬᠦᠨᠳᠦ ᠡᠪᠡᠳᠴᠢᠨ ᠢ ᠢᠯᠭᠠᠨ ᠲᠠᠨᠢᠵᠤ ᠰᠢᠯᠵᠢᠭᠦᠯᠦᠨ ᠡᠮᠴᠢᠯᠡᠭᠦᠯᠬᠦ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠠᠰᠠᠭᠤᠯᠲᠠ᠄ ᠶᠠᠮᠠᠷ ᠶᠠᠮᠠᠷ ᠡᠮᠨᠡᠯᠭᠡ ᠶᠢᠨ ᠬᠤᠷᠢᠶ᠎ᠠ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠡᠪᠡᠳᠴᠢᠲᠡᠨ ᠢ ᠬᠦᠯᠢᠶᠡᠨ ᠠᠪᠬᠤ ᠬᠢᠷᠢ ᠬᠡᠮ ᠲᠠᠢ ᠪᠣᠢ︖    ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠲᠣᠰ ᠭᠠᠵᠠᠷ ᠤᠨ ᠬᠡᠦᠬᠡᠳ ᠤᠨ ᠰᠠᠯᠠᠭᠠᠨ ᠤ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠵᠤ ᠪᠣᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠶᠢ ᠨᠡᠶᠢᠲᠡᠯᠡᠵᠦ᠂ ᠣᠶᠢᠷ᠎ᠠ ᠬᠠᠪᠢ ᠳᠤ ᠪᠠᠨ ᠡᠮᠴᠢᠯᠡᠭᠦᠯᠬᠦ ᠳᠤ ᠳᠥᠬᠦᠮᠯᠡᠪᠡ᠃    ᠠᠰᠠᠭᠤᠯᠲᠠ᠄ ᠬᠡᠦᠬᠡᠳ ᠬᠠᠯᠠᠭᠤᠷᠠᠵᠤ ᠬᠠᠨᠢᠶᠠᠭᠰᠠᠨ ᠤ ᠳᠠᠷᠠᠭ᠎ᠠ ᠶᠠᠭᠠᠬᠢᠪᠠᠯ ᠵᠣᠬᠢᠬᠤ ᠪᠣᠢ︖    ᠬᠠᠷᠢᠭᠤᠯᠲᠠ᠄ ᠲᠣᠮᠣ ᠡᠮᠨᠡᠯᠭᠡ ᠶᠢᠨ ᠬᠤᠷᠢᠶᠠᠨ ᠳᠤ ᠬᠥᠮᠥᠨ ᠣᠯᠠᠨ᠂ ᠬᠦᠯᠢᠶᠡᠬᠦ ᠴᠠᠭ ᠨᠢ ᠤᠷᠲᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ᠂ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ ᠬᠡᠦᠬᠡᠳ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭ᠎ᠠ ᠵᠡᠷᠭᠡ ᠳᠤ ᠡᠮᠴᠢᠯᠡᠭᠦᠯᠬᠦ ᠶᠢ ᠰᠠᠨᠠᠭᠤᠯᠤᠨ᠎ᠠ᠃ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶ᠎ᠠ ᠣᠨᠣᠰᠢᠯᠠᠨ ᠡᠮᠴᠢᠯᠡᠬᠦ ᠲᠥᠰᠥᠯ ᠢ ᠲᠣᠳᠣᠷᠬᠠᠶᠢᠯᠠᠭᠰᠠᠨ ᠤ ᠳᠠᠷᠠᠭ᠎ᠠ᠂ ᠡᠮᠴᠢᠯᠡᠭᠡᠨ ᠤ ᠬᠤᠯᠪᠣᠭ᠎ᠠ ᠪᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠵᠦ ᠦᠷᠭᠦᠯᠵᠢᠯᠡᠨ ᠡᠮᠴᠢᠯᠡᠭᠦᠯᠬᠦ ᠪᠤᠶᠤ ᠭᠡᠷ ᠲᠤ ᠪᠠᠨ ᠡᠮᠴᠢᠯᠡᠭᠦᠯᠵᠦ ᠪᠣᠯᠣᠨ᠎ᠠ᠃    ᠠᠰᠠᠭᠤᠯᠲᠠ᠄ ᠬᠡᠦᠬᠡᠳ ᠶᠠᠮᠠᠷ ᠢᠯᠡᠷᠡᠯ ᠭᠠᠷᠪᠠᠯ ᠵᠠᠪᠠᠯ ᠡᠮᠨᠡᠯᠭᠡ ᠳᠤ ᠡᠮᠴᠢᠯᠡᠭᠦᠯᠬᠦ ᠬᠡᠷᠡᠭᠲᠡᠢ ᠪᠣᠢ︖    ᠬᠠᠷᠢᠭᠤᠯᠲᠠ᠄ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠪᠡᠯ᠂ ᠬᠡᠦᠬᠡᠳ ᠬᠡᠳᠦ ᠥᠨᠳᠥᠷ ᠬᠠᠯᠠᠭᠤᠷᠠᠬᠤ ᠪᠤᠶᠤ ᠦᠷᠭᠦᠯᠵᠢᠯᠡᠨ ᠬᠠᠯᠠᠭᠤᠷᠠᠭᠠᠳ ᠭᠤᠷᠪᠠᠨ ᠡᠳᠦᠷ ᠠᠴᠠ ᠬᠡᠲᠦᠷᠡᠭᠰᠡᠨ᠂ ᠪᠠᠶᠢᠨ ᠳᠠᠬᠢᠨ ᠬᠠᠨᠢᠶᠠᠵᠤ ᠬᠡᠪ ᠤᠨ ᠠᠮᠢᠳᠤᠷᠠᠯ ᠢ ᠨᠢ ᠨᠥᠯᠥᠭᠡᠯᠡᠭᠰᠡᠨ᠂ ᠴᠤᠭ ᠰᠦᠯᠳᠡ ᠮᠠᠭᠤᠲᠠᠢ ᠴᠢᠨᠠᠭᠰᠢᠯᠠᠪᠠᠯ ᠮᠠᠩᠰᠢᠭᠤᠷᠠᠬᠤ᠂ ᠠᠮᠢᠰᠬᠤᠭ᠎ᠠ ᠳᠠᠪᠬᠤᠴᠠᠬᠤ ᠪᠤᠶᠤ ᠴᠢᠬᠤᠯᠳᠠᠬᠤ᠂ ᠪᠠᠶᠢᠨ ᠳᠠᠬᠢᠨ ᠪᠥᠭᠡᠯᠵᠢᠬᠦ᠂ ᠠᠷᠠᠰᠤᠨ ᠡᠰᠡᠷᠭᠡᠨ᠎ᠡ ᠭᠠᠷᠬᠤ᠂ ᠲᠣᠯᠣᠭᠠᠢ ᠡᠪᠡᠳᠬᠦ ᠪᠤᠶᠤ ᠲᠠᠲᠠᠪᠠᠯᠵᠠᠬᠤ ᠵᠡᠷᠭᠡ ᠢᠯᠡᠷᠡᠯ ᠲᠠᠢ ᠪᠣᠯ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号